ᠭᠦᠶᠡᠩ ᠰᠢᠶᠠᠨ ᠤ 2025 ᠣᠨ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠱᠠᠭᠠᠷᠳᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠤᠨ ᠠᠪᠴᠢᠷᠠᠵᠤ ᠨᠡᠷ᠎ᠡ ᠮᠡᠳᠡᠭᠦᠯᠬᠦ ᠠᠵᠢᠯ ᠨᠢᠭᠡᠨᠲᠡ ᠳᠠᠭᠤᠰᠴᠤ᠂ ᠨᠡᠷ᠎ᠡ ᠮᠡᠳᠡᠭᠦᠯᠦᠭᠰᠡᠨ | ᠪᠠᠶᠢᠳᠠᠯ ᠢ ᠦᠨᠳᠦᠰᠦᠯᠡᠨ᠂ ᠭᠦᠶᠡᠩ ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠵᠤ᠂ ᠬᠡᠰᠡᠭ ᠠᠵᠢᠯ ᠤᠨ ᠪᠠᠶᠢᠷᠢ ᠵᠢᠴᠢ ᠬᠡᠰᠡᠭ | ᠠᠵᠢᠯ ᠤᠨ ᠪᠠᠶᠢᠷᠢ ᠳᠤ ᠪᠢᠷ ᠤᠨ ᠰᠢᠯᠭᠠᠯᠲᠠ ᠶᠢᠨ ᠭᠤᠭᠴᠤᠭ᠎ᠠ ᠶᠢ ᠬᠦᠴᠦᠨ ᠥᠬᠡᠶ ᠪᠣᠯᠭᠠᠬᠤ ᠪᠠᠷ ᠲᠣᠭᠲᠠᠪᠠ᠂ ᠪᠣᠳᠠᠲᠠᠶ | ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠠᠵᠢᠯ ᠤᠨ ᠪᠠᠶᠢᠷᠢ ᠶᠢ ᠬᠦᠴᠦᠨ ᠦᠭᠡᠢ ᠪᠣᠯᠭᠠᠬᠤ | ᠭᠦᠶᠡᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ | ᠲᠥᠷᠥᠯ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠢᠯᠭᠠᠯᠲᠠ | ᠡᠬᠢᠯᠡᠬᠦ ᠬᠠᠷᠢᠴᠠᠯ ᠳᠤ ᠬᠦᠷᠴᠦ ᠳᠡᠶᠢᠯᠦᠭᠰᠡᠨ ᠥᠬᠡᠶ ᠪᠣᠯᠬᠤᠷ ᠲᠣᠰ ᠠᠵᠢᠯ ᠤᠨ ᠪᠠᠶᠢᠷᠢ ᠶᠢ ᠬᠦᠴᠦᠨ ᠥᠬᠡᠶ ᠪᠣᠯᠭᠠᠪᠠ᠃ | ᠬᠤᠶᠠᠷ᠂ ᠪᠢᠷ ᠤᠨ ᠰᠢᠯᠭᠠᠯᠲᠠ ᠶᠢᠨ ᠭᠤᠭᠴᠤᠭ᠎ᠠ ᠶᠢ ᠨᠡᠮᠡᠭᠳᠡᠭᠦᠯᠦᠨ᠎ᠡ | ︵ᠨᠢᠭᠡ︶ ᠪᠢᠷ ᠤᠨ ᠰᠢᠯᠭᠠᠯᠲᠠ ᠶᠢᠨ ᠪᠠᠶᠢᠷᠢ ᠨᠡᠮᠡᠭᠳᠡᠭᠦᠯᠬᠦ | ᠬᠡᠰᠡᠭ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠠᠵᠢᠯᠲᠠᠨ ᠡᠯᠰᠡᠬᠦ ᠲᠥᠯᠥᠪᠯᠡᠭᠡ ᠠᠴᠠ | ᠬᠤᠯᠠ ᠳᠠᠪᠠᠭᠰᠠᠨ ᠪᠣᠯᠬᠤᠷ ᠠᠳᠠᠯᠢ ᠨᠢᠭᠡ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠠᠳᠠᠯᠢ ᠨᠢᠭᠡ | ᠠᠵᠢᠯ ᠤᠨ ᠪᠠᠶᠢᠷᠢ ᠳᠤ ᠠᠳᠠᠯᠢ ᠨᠢᠭᠡ ᠰᠢᠯᠭᠠᠭᠤᠯᠤᠭᠴᠢ ᠶᠢᠨ ᠠᠳᠠᠯᠢ ᠨᠢᠭᠡ ᠢᠵᠢ ᠰᠢᠯᠭᠠᠯᠲᠠ ᠶᠢᠨ ᠰᠡᠳᠦᠪ ᠢ ᠬᠡᠷᠡᠭᠯᠡᠨ | ᠨᠢᠭᠤᠷᠲᠠᠨ ᠰᠢᠯᠭᠠᠬᠤ ᠶᠢ ᠪᠡᠶᠡᠯᠡᠭᠦᠯᠬᠦ ᠶᠢᠨ ᠠᠷᠭ᠎ᠠ ᠥᠬᠡᠶ ᠪᠠᠶᠢᠵᠤ᠂ ᠡᠷᠬᠡ ᠲᠡᠭᠰᠢ ᠲᠥᠪ ᠭᠤᠤᠯᠴᠢ ᠲᠣᠰ ᠤᠳᠠᠭᠠᠨ ᠤ | ᠴᠢᠳᠠᠪᠤᠷᠢᠲᠠᠨ ᠢ ᠲᠠᠲᠠᠬᠤ ᠠᠵᠢᠯ ᠢ ᠰᠠᠶᠢᠲᠤᠷ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠤᠳᠤᠯᠬᠤ ᠪᠠᠷ | ᠳᠡᠮᠵᠢᠨ᠂ ᠪᠢᠷ ᠤᠨ ᠰᠢᠯᠭᠠᠯᠲᠠ ᠶᠢᠨ ᠭᠤᠭᠴᠤᠭ᠎ᠠ ᠶᠢ ᠨᠡᠮᠡᠭᠳᠡᠭᠦᠯᠵᠦ᠂ ᠪᠢᠷ ᠤᠨ ᠰᠢᠯᠭᠠᠯᠲᠠ ᠶᠢᠨ ᠭᠤᠭᠴᠤᠭ᠎ᠠ ᠶᠢᠨ | ᠠᠵᠢᠯ ᠤᠨ ᠪᠠᠶᠢᠷᠢ ᠶᠢ ᠳᠠᠭᠠᠯᠳᠤᠭᠤᠯᠤᠯ ᠳᠤ ᠨᠠᠷᠢᠨ ᠦᠵᠡᠬᠦ ᠪᠠᠷ ᠲᠣᠭᠲᠠᠪᠠ᠃ | ︵ᠬᠤᠶᠠᠷ︶ ᠪᠢᠷ ᠤᠨ ᠰᠢᠯᠭᠠᠯᠲᠠ ᠶᠢᠨ ᠴᠠᠭ | 2025 ᠣᠨ ᠤ 5 ᠰᠠᠷ᠎ᠠ ᠶᠢᠨ 25 ᠤ ᠡᠳᠦᠷ ︵ᠭᠠᠷᠠᠭ ᠤᠨ ᠡᠳᠦᠷ︶ | ᠦᠳᠡ ᠶᠢᠨ ᠡᠮᠦᠨ᠎ᠡ 10᠄ 00 ᠠᠴᠠ 12᠄ 00 | ︵ᠭᠤᠷᠪᠠ︶ ᠪᠢᠷ ᠤᠨ ᠰᠢᠯᠭᠠᠯᠲᠠ ᠶᠢᠨ ᠭᠠᠵᠠᠷ | ᠪᠢᠷ ᠤᠨ ᠰᠢᠯᠭᠠᠯᠲᠠ ᠶᠢᠨ ᠪᠣᠳᠠᠲᠠᠶ ᠰᠢᠯᠭᠠᠯᠲᠠ ᠶᠢᠨ ᠴᠡᠭ ᠰᠢᠯᠭᠠᠯᠲᠠ ᠶᠢᠨ ᠲᠠᠯᠠᠪᠠᠶ ᠵᠢᠴᠢ ᠠᠩᠬᠠᠷᠬᠤ ᠵᠦᠢᠯᠡᠰ ᠢ ︽ | ᠪᠢᠷ ᠤᠨ ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ︾ ᠳᠤ ᠨᠠᠷᠢᠨ ᠦᠵᠡᠭᠡᠷᠡᠶ᠃ | ᠰᠢᠯᠭᠠᠭᠤᠯᠤᠭᠴᠢ 2025 ᠣᠨ ᠤ 5 ᠰᠠᠷ᠎ᠠ ᠶᠢᠨ 15 ᠤ ᠡᠳᠦᠷ ᠤᠨ 9᠄ 00-5 ᠰᠠᠷ᠎ᠠ ᠶᠢᠨ 20 ᠤ ᠡᠳᠦᠷ ᠤᠨ | 17᠄ 00 ᠠᠴᠠ ᠡᠮᠦᠨ᠎ᠡ ᠥᠪᠥᠷ ᠮᠣᠩᠭᠤᠯ ᠤᠨ ᠶᠦᠨ ᠣᠶᠤᠨᠴᠢ ᠰᠢᠯᠭᠠᠯᠲᠠ ᠶᠢᠨ ᠶᠠᠪᠤᠳᠠᠯ ᠤᠨ ᠲᠥᠪ | ︵http᠄ //www.nmgkwzx.com/︶ | ᠰᠦᠯᠵᠢᠶᠡᠨ ᠳᠡᠭᠡᠷ᠎ᠡ ᠥᠪᠡᠰᠦᠪᠡᠨ ᠪᠠᠭᠤᠯᠭᠠᠨ ᠳᠠᠷᠤᠮᠠᠯᠯᠠᠬᠤ ᠶᠢ ᠵᠥᠪᠰᠢᠶᠡᠷᠡᠬᠦ ᠦᠨᠡᠮᠯᠡᠯ᠃ | ᠭᠤᠷᠪᠠ᠂ ᠪᠢᠷ ᠤᠨ ᠰᠢᠯᠭᠠᠯᠲᠠ ᠶᠢᠨ ᠠᠭᠤᠯᠭ᠎ᠠ | ︵ᠨᠢᠭᠡ︶ ᠪᠢᠷ ᠤᠨ ᠰᠢᠯᠭᠠᠯᠲᠠ ᠶᠢᠨ ᠲᠥᠷᠥᠯ ᠵᠦᠢᠯ | ᠪᠣᠶ ᠪᠥᠬᠦᠶ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠲᠥᠷᠥᠯ ᠵᠦᠢᠯ ᠨᠢ ᠴᠥᠮ ︽ᠶᠡᠷᠦᠩᠬᠡᠶᠢᠯᠡᠭᠰᠡᠨ ᠬᠡᠪ | ᠴᠢᠨᠠᠷ ᠤᠨ ᠰᠢᠯᠭᠠᠯᠲᠠ︾᠂ ᠰᠢᠯᠭᠠᠯᠲᠠ ᠶᠢᠨ ᠡᠪᠬᠡᠮᠡᠯ ᠳᠤ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ | ᠰᠢᠯᠭᠠᠯᠲᠠ︾ ᠪᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠵᠡᠷᠭᠡ ᠬᠤᠶᠠᠷ ᠬᠡᠰᠡᠭ ᠪᠠᠶᠢᠵᠤ᠂ ᠪᠦᠷᠢᠨ ᠬᠤᠪᠢ ᠨᠢ | 100 ᠬᠤᠪᠢ᠂ ᠴᠠᠭ ᠤᠨ ᠬᠢᠵᠠᠭᠠᠷ ᠨᠢ 120 ᠮᠢᠨᠦ᠋ᠲ ᠪᠣᠯᠤᠨ᠎ᠠ᠃ | ︵ᠬᠤᠶᠠᠷ︶ ᠪᠢᠷ ᠤᠨ ᠰᠢᠯᠭᠠᠯᠲᠠ ᠶᠢᠨ ᠬᠡᠯᠪᠡᠷᠢ | ᠪᠢᠷ ᠤᠨ ᠰᠢᠯᠭᠠᠯᠲᠠ ᠳᠤ ᠰᠢᠯᠭᠠᠯᠲᠠ ᠶᠢᠨ ᠬᠠᠭᠤᠳᠠᠰᠤ ᠶᠢ ᠬᠠᠭᠠᠬᠤ ᠬᠡᠯᠪᠡᠷᠢ ᠶᠢ ᠠᠪᠴᠤ᠂ ᠪᠣᠶ ᠪᠥᠬᠦᠶ ᠠᠵᠢᠯ ᠤᠨ | ᠪᠠᠶᠢᠷᠢ ᠶᠢᠨ ᠰᠢᠯᠭᠠᠭᠤᠯᠤᠭᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠢᠯᠭᠠᠯᠲᠠ ᠶᠢᠨ | ᠬᠠᠭᠤᠳᠠᠰᠤ ᠶᠢ ᠨᠢᠭᠡᠳᠦᠯᠲᠡᠶ ᠬᠡᠷᠡᠭᠯᠡᠨ᠎ᠡ᠃ | ᠳᠥᠷᠪᠡ᠂ ᠠᠩᠬᠠᠷᠬᠤ ᠵᠦᠢᠯ | ︵ᠨᠢᠭᠡ︶ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠬᠤ ᠳᠠᠭᠠᠨ ᠪᠢᠷ ᠤᠨ ᠰᠢᠯᠭᠠᠯᠲᠠ ᠶᠢᠨ ᠵᠥᠪᠰᠢᠶᠡᠷᠡᠯ᠂ | ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠂ ᠰᠢᠯᠭᠠᠭᠤᠯᠤᠭᠴᠢ ᠲᠠᠯᠠᠪᠠᠶ ᠳᠤ | ᠣᠷᠣᠬᠤ ᠠᠴᠠ ᠡᠮᠦᠨ᠎ᠡ ᠤᠷᠢᠳᠴᠢᠯᠠᠨ ᠪᠡᠯᠡᠳᠬᠡᠭᠡᠷᠡᠢ᠃ | ︵ᠬᠤᠶᠠᠷ︶ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ | ᠲᠥᠯᠥᠪᠯᠡᠭᠡ ᠶᠢᠨ ᠲᠤᠭ᠎ᠠ ᠬᠢᠭᠡᠳ ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠨ ᠤ ᠲᠤᠭ᠎ᠠ ᠶᠢᠨ 1᠄ 3 ᠶᠢᠨ | ᠬᠠᠷᠢᠴᠠᠯ ᠢᠶᠠᠷ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠬᠤᠪᠢ ᠪᠠᠷ ᠳᠣᠤᠷ᠎ᠠ ᠬᠤᠪᠢ ᠪᠠᠷ ᠨᠢᠭᠤᠷᠲᠠᠨ | ᠰᠢᠯᠭᠠᠬᠤ ᠬᠡᠪᠴᠢᠶᠡᠨ ᠳᠤ ᠣᠷᠣᠭᠤᠯᠬᠤ ᠪᠠᠷ ᠪᠠᠶᠢᠭ᠎ᠠ ᠬᠥᠮᠦᠰ ᠢ ᠲᠣᠭᠲᠠᠭᠠᠵᠤ᠂ ᠡᠴᠦᠰ ᠤᠨ ᠪᠠᠶᠢᠷᠢ ᠳᠤ ᠬᠢᠷᠢ ᠪᠦᠲᠦᠮᠵᠢ | ᠭᠠᠷᠭᠠᠬᠤ ᠶᠢᠨ ᠬᠠᠮᠲᠤ ᠵᠢᠭᠰᠠᠭᠠᠭᠰᠠᠨ ᠰᠢᠯᠭᠠᠭᠤᠯᠤᠭᠴᠢ ᠪᠦᠬᠦᠨ ᠢ ᠨᠢᠭᠤᠷᠲᠠᠨ ᠰᠢᠯᠭᠠᠭᠤᠯᠬᠤ ᠬᠡᠷᠡᠭᠲᠡᠶ᠃ | ︵ᠭᠤᠷᠪᠠ︶ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠥᠪᠬᠡᠨ ᠡᠯ᠎ᠡ ᠠᠵᠢᠯ ᠤᠨ ᠪᠠᠶᠢᠷᠢ ᠶᠢᠨ | ᠰᠢᠯᠭᠠᠭᠤᠯᠤᠭᠴᠢ ᠶᠢ ᠰᠢᠯᠢᠨ ᠰᠣᠩᠭᠤᠬᠤ ᠳᠤ ᠨᠢᠭᠤᠷᠲᠠᠨ ᠰᠢᠯᠭᠠᠭᠤᠯᠬᠤ ᠳᠤ ᠬᠡᠷᠡᠭᠯᠡᠵᠦ᠂ ᠬᠠᠮᠤᠭ ᠤᠨ ᠡᠴᠦᠰ ᠤᠨ | ᠡᠯᠰᠡᠭᠰᠡᠨ ᠬᠢᠷᠢ ᠪᠦᠲᠦᠮᠵᠢ ᠳᠤ ᠪᠣᠳᠣᠵᠤ ᠣᠷᠣᠭᠤᠯᠬᠤ ᠦᠭᠡᠢ᠂ ᠡᠯᠰᠡᠬᠦ ᠳᠡᠭᠡᠨ ᠮᠥᠨ ᠯᠡ ᠨᠢᠭᠤᠷᠲᠠᠨ ᠰᠢᠯᠭᠠᠭᠰᠠᠨ ᠬᠢᠷᠢ | ᠪᠦᠲᠦᠮᠵᠢ ᠪᠠᠷ ᠪᠠᠷᠢᠮᠵᠢᠶ᠎ᠠ ᠪᠣᠯᠭᠠᠨ᠎ᠠ᠃ | ︵ᠲᠦᠷᠪᠡ︶ ᠪᠢᠷ ᠤᠨ ᠰᠢᠯᠭᠠᠯᠲᠠ ᠳᠤ ᠰᠢᠯᠭᠠᠯᠲᠠ ᠶᠢᠨ ᠬᠡᠷᠡᠭᠯᠡᠬᠦ ᠪᠢᠴᠢᠭ ᠢ ᠲᠣᠭᠲᠠᠭᠠᠬᠤ ᠦᠭᠡᠢ᠂ ᠵᠣᠬᠢᠶᠠᠨ | ᠪᠠᠶᠢᠭᠤᠯᠬᠤ ᠦᠭᠡᠢ ᠪᠤᠶᠤ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠵᠢᠯᠣᠭᠤᠳᠬᠤ ᠪᠣᠯᠪᠠᠰᠤᠷᠠᠭᠤᠯᠤᠯ ᠤᠨ | ᠠᠩᠭᠢ ᠡᠷᠬᠢᠯᠡᠭᠦᠯᠬᠦ ᠦᠭᠡᠢ᠃ | ︵ᠲᠠᠪᠤ︶ ᠥᠷᠭᠡᠨ ᠣᠯᠠᠨ ᠰᠢᠯᠭᠠᠭᠤᠯᠤᠭᠰᠠᠳ ᠰᠢᠯᠭᠠᠯᠲᠠ ᠶᠢ ᠵᠥᠪᠰᠢᠶᠡᠷᠡᠭᠰᠡᠨ ᠦᠨᠡᠮᠯᠡᠯ ᠳᠡᠭᠡᠷᠡᠬᠢ ᠰᠤᠷᠠᠭ | ᠵᠠᠩᠭᠢ ᠪᠠᠨ ᠨᠠᠷᠢᠨ ᠬᠢᠨᠠᠮᠠᠭᠠᠶ ᠤᠩᠰᠢᠭᠠᠷᠠᠢ᠃ ᠰᠢᠯᠭᠠᠯᠲᠠ ᠠᠴᠠ ᠡᠮᠦᠨ᠎ᠡ ᠨᠢᠭᠡ ᠡᠳᠦᠷ ᠰᠢᠯᠭᠠᠯᠲᠠ ᠶᠢᠨ ᠴᠡᠭ ᠤᠨ ᠣᠷᠣᠬᠤ | ᠪᠠᠶᠢᠷᠢ ᠪᠣᠯᠣᠨ ᠬᠦᠷᠬᠦ ᠱᠤᠭᠤᠮ ᠢ ᠣᠶᠢᠯᠠᠭᠠᠨ᠎ᠠ᠃ ᠰᠢᠯᠭᠠᠯᠲᠠ ᠶᠢᠨ ᠴᠡᠭ ᠲᠤ ᠰᠢᠯᠭᠠᠭᠤᠯᠤᠭᠴᠢ ᠶᠢᠨ ᠲᠡᠷᠭᠡ ᠬᠥᠰᠬᠡ᠂ | ᠨᠡᠶᠢᠭᠡᠮ ᠤᠨ ᠲᠡᠷᠭᠡ ᠬᠥᠰᠬᠡ ᠣᠷᠣᠬᠤ ᠶᠢ ᠴᠠᠭᠠᠵᠠᠯᠠᠵᠤ᠂ ᠰᠢᠯᠭᠠᠭᠤᠯᠤᠭᠴᠢ ᠶᠢᠨ ᠵᠠᠮ ᠱᠤᠭᠤᠮ ᠢᠶᠠᠨ ᠤᠷᠢᠳᠴᠢᠯᠠᠨ | ᠲᠥᠯᠥᠪᠵᠢᠭᠦᠯᠬᠦ ᠶᠢ ᠰᠠᠨᠠᠭᠤᠯᠪᠠ᠃ | ᠪᠤᠰᠤᠳ ᠬᠤᠯᠪᠣᠭᠳᠠᠯ ᠪᠦᠬᠦᠢ ᠵᠦᠢᠯᠡᠰ ᠢ ᠠᠰ ᠲᠤᠨᠢ ᠮᠡᠳᠡᠭᠳᠡᠪᠡ᠂ ᠭᠦᠶᠡᠩ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠰᠦᠯᠵᠢᠶ᠎ᠡ ᠪᠠ ᠭᠦᠶᠡᠩ ᠤᠨ ᠨᠠᠮ ᠤᠨ ᠪᠠᠶᠢᠭᠤᠯᠤᠯᠲᠠ ᠶᠢᠨ ᠨᠡᠶᠢᠲᠡ ᠶᠢᠨ ᠳ᠋ᠤᠭᠠᠷ ᠢ ᠴᠠᠭ ᠲᠤᠬᠠᠢ ᠳᠤᠨᠢ | ᠠᠩᠬᠠᠷᠤᠭᠠᠷᠠᠢ᠃ | ᠳᠠᠭᠠᠯᠳᠤᠭᠤᠯᠤᠯ᠄ ᠪᠢᠷ ᠤᠨ ᠰᠢᠯᠭᠠᠯᠲᠠ ᠶᠢᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠨᠠᠷᠢᠨ ᠬᠦᠰᠦᠨᠦᠭᠲᠦ ᠶᠢ | ᠨᠡᠮᠡᠨ᠎ᠡ | ᠬᠠᠷᠢᠯᠴᠠᠬᠤ ᠤᠲᠠᠰᠤ᠄ 0472 - 8116378 | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0472 - 8116667 | | ᠭᠦᠶᠡᠩ ᠰᠢᠶᠠᠨ ᠤ ᠨᠠᠮ ᠤᠨ ᠬᠤᠷᠢᠶ᠎ᠠ ᠶᠢᠨ | ᠴᠢᠳᠠᠪᠤᠷᠢᠲᠠᠨ ᠣᠷᠣᠭᠤᠯᠤᠨ ᠠᠪᠴᠢᠷᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | 2025 ᠣᠨ ᠤ 5 ᠰᠠᠷ᠎ᠠ ᠶᠢᠨ 8 ᠤ ᠡᠳᠦᠷ | | | | ᠳᠠᠭᠠᠯᠳᠤᠭᠤᠯᠤᠯ᠄ | ᠪᠢᠷ ᠤᠨ ᠰᠢᠯᠭᠠᠯᠲᠠ ᠶᠢᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠨᠠᠷᠢᠨ ᠬᠦᠰᠦᠨᠦᠭᠲᠦ ᠶᠢ ᠨᠡᠮᠡᠨ᠎ᠡ | | | | |