ᠰᠢᠶᠠ ᠱᠢ ᠬᠤᠤ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/6
    ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠳᠠᠭᠠᠭᠤᠯᠵᠤ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ 2025 ᠣᠨ ᠤ 4 ᠰᠠᠷ᠎ᠠ ᠶᠢᠨ 25 ᠤ ᠡᠳᠦᠷ᠂ ᠰᠢᠶᠠ ᠱᠢ ᠬᠤᠤ ᠪᠠᠯᠭᠠᠰᠤᠨ ᠳᠤ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠢᠶᠣᠣ ᠬᠤᠢ ᠼᠦᠩ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠯᠪᠠᠨ ᠭᠡᠷ᠂ ᠲᠥᠪ᠂ ᠡᠩᠨᠡᠭᠡ ᠶᠢᠨ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠪᠠᠯᠭᠠᠰᠤᠨ ᠳᠤ ᠰᠠᠭᠤᠭ᠎ᠠ ᠥᠷᠲᠡᠭᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠸᠠᠩ ᠬᠣ᠋ ᠨᠢᠩ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠭᠴᠢᠳ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ︽ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠣᠭᠲᠠᠭᠠᠯ︾ ᠢ ᠲᠤᠰᠬᠠᠢ ᠰᠡᠳᠦᠪ ᠢᠶᠠᠷ ᠰᠤᠷᠤᠯᠴᠠᠵᠤ᠂ ︽ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠭᠦᠨᠵᠡᠭᠡᠢ ᠲᠠᠶᠢᠯᠪᠤᠷᠢᠯᠠᠵᠤ᠂ ︽ᠰᠢᠶᠠ ᠱᠢ ᠬᠤᠤ ᠪᠠᠯᠭᠠᠰᠤ ᠶᠢᠨ 2025 ᠣᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠲᠥᠰᠦᠯ︾ ᠢ ᠰᠢᠯᠢᠳᠡᠭᠵᠢᠭᠦᠯᠵᠦ᠂ ᠤᠬᠠᠭᠤᠯᠭ᠎ᠠ ᠶᠢᠨ ᠠᠵᠢᠯ ᠤᠨ ᠠᠷᠭ᠎ᠠ ᠶᠢ ᠰᠢᠯᠢᠳᠡᠭᠵᠢᠭᠦᠯᠬᠦ᠂ ᠭᠤᠣᠯ ᠰᠡᠳᠦᠪ ᠢᠯᠡ ᠲᠣᠳᠣ᠂ ᠬᠡᠯᠪᠡᠷᠢ ᠰᠢᠨ᠎ᠡ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠲᠠᠢ ᠴᠢᠩᠭ᠎ᠠ ᠬᠠᠷᠭᠤᠭᠤᠯᠵᠤ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ ᠠᠴᠠ ᠰᠢᠰᠲ᠋ᠧᠮ ᠲᠠᠢ ᠲᠥᠯᠥᠪᠵᠢᠭᠦᠯᠬᠦ ᠪᠠ ᠪᠦᠬᠦᠯᠢ ᠴᠣᠭᠴᠠ ᠪᠠᠷ ᠠᠬᠢᠭᠤᠯᠬᠤ ᠶᠢ ᠴᠢᠩᠭᠠᠳᠬᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠴᠢᠭᠯᠡᠯ ᠤᠨ ︽ᠠᠮᠢᠨ ᠰᠤᠳᠠᠰᠤ︾ ᠶᠢ ᠪᠠᠲᠤ ᠡᠵᠡᠮᠳᠡᠵᠦ᠂ ᠭᠤᠣᠯ ᠰᠡᠳᠦᠪ ᠤᠨ ᠲᠣᠭᠤᠷᠢᠨ ᠳᠤ ᠣᠯᠠᠨ ᠶᠠᠩᠵᠤ ᠶᠢᠨ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠺᠠᠳ᠋ᠷ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠬᠤᠶᠠᠷ ᠲᠤ᠂ ᠣᠯᠠᠨ ᠡᠰᠢᠲᠦ ᠤᠬᠠᠭᠤᠯᠭ᠎ᠠ ᠶᠢᠨ ᠰᠢᠰᠲ᠋ᠧᠮ ᠢ ᠪᠠᠶᠢᠭᠤᠯᠵᠤ᠂ ᠳᠠᠮᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠦᠬᠦ ᠨᠡᠶᠢᠭᠡᠮ ᠢᠶᠠᠷ ᠢᠶᠠᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠬᠠᠷᠢᠭᠤᠴᠠᠯᠭ᠎ᠠ ᠲᠣᠳᠣᠷᠬᠠᠢ᠂ ᠠᠵᠢᠯ ᠤᠨ ᠬᠤᠪᠢᠶᠠᠷᠢᠯᠠᠯ ᠲᠣᠳᠣᠷᠬᠠᠢ ᠡᠭᠦᠷᠭᠡ ᠶᠢᠨ ᠰᠢᠰᠲ᠋ᠧᠮ ᠢ ᠪᠠᠶᠢᠭᠤᠯᠵᠤ᠂ ᠠᠵᠢᠯᠯᠠᠭ᠎ᠠ ᠶᠢᠨ ᠲᠥᠰᠦᠯ ᠢ ᠰᠢᠯᠢᠳᠡᠭᠵᠢᠭᠦᠯᠵᠦ᠂ ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠶᠠᠪᠤᠴᠠ ᠶᠢᠨ ᠬᠠᠮᠢᠶᠠᠷᠤᠯᠲᠠ ᠪᠣᠯᠤᠨ ᠦᠷ᠎ᠡ ᠪᠦᠲᠦᠭᠡᠯ ᠤᠨ ᠳ᠋ᠦᠩᠨᠡᠯᠲᠡ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠨᠣᠰᠴᠤ ᠣᠶᠢᠯᠠᠭᠠᠬᠤ᠂ ᠣᠶᠢᠯᠠᠭᠠᠵᠤ ᠳᠡᠶᠢᠯᠬᠦ᠂ ᠦᠢᠯᠡᠳᠦᠯᠭᠡᠵᠢᠭᠦᠯᠵᠦ ᠳᠡᠶᠢᠯᠬᠦ ᠦᠭᠡ ᠪᠠᠷ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃ ᠪᠠᠯᠭᠠᠰᠤᠨ ᠤ ᠸᠢᠴᠠᠲ ᠤᠨ ᠨᠡᠶᠢᠲᠡ ᠶᠢᠨ ᠳ᠋ᠤᠭᠠᠷ ᠭᠤᠣᠯ ᠠᠷᠭ᠎ᠠ ᠵᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠰᠢᠨ᠎ᠡ ᠰᠣᠷᠭᠤᠭ ᠬᠡᠷᠡᠭ ᠤᠨ ᠵᠢᠱᠢᠶ᠎ᠡ ᠪᠠ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠨᠥᠯᠥᠭᠡᠯᠡᠬᠦ ᠬᠦᠴᠦᠨ ᠢ ᠴᠢᠩᠭᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠣᠨᠴᠠᠯᠢᠭᠲᠤ ᠠᠵᠢᠯᠯᠠᠭ᠎ᠠ ᠶᠢᠨ ᠲᠦᠷᠦᠯ ᠲᠡᠮᠳᠡᠭ ᠢ ᠡᠭᠦᠳᠴᠦ᠂ ᠠᠭᠤᠰᠤᠯᠴᠠᠨ ᠬᠥᠭᠵᠢᠬᠦ ᠶᠢ ᠠᠬᠢᠭᠤᠯᠪᠠ᠃ ᠣᠨᠴᠠᠯᠢᠭᠲᠤ ᠭᠢᠯᠠᠰ ᠴᠡᠭ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ︽ᠤᠯᠠᠭᠠᠨ ᠠᠨᠠᠷ︾ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠢᠶᠠᠷ ᠣᠷᠣᠯᠴᠠᠬᠤ ᠶᠢ ᠲᠠᠲᠠᠨ᠎ᠠ᠃ ᠳᠡᠰ ᠳᠠᠪᠬᠤᠷᠭ᠎ᠠ ᠨᠢ ᠲᠣᠳᠣᠷᠬᠠᠢ᠂ ᠠᠭᠤᠯᠤᠭᠳᠠᠬᠤᠨ ᠨᠢ ᠡᠯᠪᠡᠭ ᠪᠠᠶᠠᠯᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠣᠶᠣᠯ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠢ ᠪᠣᠯᠭᠠᠵᠤ᠂ ᠵᠤᠭᠠᠴᠠᠭᠰᠠᠳ ᠲᠤ ᠬᠤᠪᠢᠰᠬᠠᠯ ᠤᠨ ᠰᠣᠶᠣᠯ ᠤᠨ ᠭᠤᠣᠯ ᠴᠢᠮᠥᠭᠡ ᠬᠢᠭᠡᠳ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠷᠢᠳᠢ ᠰᠢᠳᠢ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠣᠶᠢᠯᠠᠭᠠᠭᠤᠯᠵᠤ᠂ ᠰᠣᠶᠣᠯ ᠤᠨ ᠰᠣᠯᠢᠯᠴᠠᠭ᠎ᠠ ᠪᠠ ᠦᠨᠳᠦᠰᠦᠲᠡᠨ ᠤ ᠠᠭᠤᠰᠤᠯᠴᠠᠯ ᠢ ᠠᠬᠢᠭᠤᠯᠤᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠨᠡᠩ ︽ᠬᠡᠯᠪᠡᠷᠢ ᠲᠠᠢ︾ ᠪᠣᠯᠭᠠᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠡᠩ ︽ᠪᠦᠲᠦᠮᠵᠢᠲᠡᠢ ᠪᠣᠯᠭᠠᠬᠤ︾ ᠪᠠᠷ ᠬᠦᠴᠦᠯᠡᠨ ᠴᠢᠷᠮᠠᠶᠢᠨ᠎ᠠ᠃ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号