ᠲᠣᠰ ᠡᠳᠦᠷ ᠠᠴᠠ ᠡᠬᠢᠯᠡᠨ᠂ ᠭᠦᠶᠡᠩ ᠰᠢᠶᠠᠨ ᠤ ᠬᠠᠮ ᠵᠠᠭᠤᠴᠢᠯᠠᠭᠤᠷ ᠤᠨ ᠲᠥᠪ ︽ᠤᠷᠠᠨ ᠳᠠᠷᠬᠠᠨ ᠤ | ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠴᠤᠭ ᠵᠢᠪᠬᠤᠭ᠎ᠠ ᠶᠢ ᠪᠠᠳᠠᠷᠠᠭᠤᠯᠤᠶ᠎ᠠ︾ | ᠭᠡᠬᠦ ᠲᠤᠰᠬᠠᠶ ᠪᠤᠯᠤᠩ ᠭᠠᠷᠭᠠᠵᠤ᠂ ᠪᠢᠷ ᠪᠡᠬᠡᠰ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠤ ᠡᠳᠦᠷ ᠲᠤᠲᠤᠮ ᠤᠨ ᠠᠵᠢᠯ ᠳᠤ ᠣᠷᠣᠶ᠎ᠠ᠃ ᠪᠢᠳᠡ | ᠲᠡᠳᠡᠭᠡᠷ ᠬᠥᠯᠥᠰᠥᠨ ᠳᠤ ᠳᠡᠪᠲᠦᠭᠡᠭᠰᠡᠨ ᠭᠠᠪᠢᠶᠠᠨ ᠲᠡᠮᠳᠡᠭ ᠬᠡᠷᠬᠢᠨ ᠡᠭᠡᠯ ᠵᠢᠷ ᠤᠨ ᠠᠵᠢᠯ ᠤᠨ ᠪᠠᠶᠢᠷᠢ ᠪᠠᠨ | ᠭᠡᠷᠡᠯᠲᠦᠭᠦᠯᠬᠦ ᠶᠢ ᠭᠡᠷᠡᠴᠢᠯᠡᠵᠦ᠂ ᠬᠠᠲᠤᠨ ᠭᠤᠤᠯ ᠤᠨ ᠲᠤᠬᠤᠢ ᠶᠢᠨ ᠲᠡᠳᠡᠭᠡᠷ ᠰᠢᠨ᠎ᠡ ᠶᠢ ᠡᠭᠦᠳᠦᠭᠰᠡᠨ ᠥᠯᠢᠭᠡᠷ ᠢ | ᠰᠣᠨᠣᠰᠬᠠᠶ᠎ᠠ᠃ | ᠵᠤᠤ ᠰᠢᠶᠤᠤ ᠹᠸᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ᠂ ᠲᠡᠷᠡ ᠰᠢᠷᠭᠠᠭᠤ ᠬᠢᠴᠢᠶᠡᠩᠭᠦ᠋ᠢᠯᠡᠨ | ᠠᠵᠢᠯᠯᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ | ᠡᠭᠦᠷᠭᠡᠯᠡᠯ ᠢᠶᠠᠨ ᠢᠯᠡᠳᠬᠡᠵᠦ ᠪᠠᠶᠢᠨ᠎ᠠ᠃ ᠲᠡᠷᠡ ᠪᠣᠯ ᠣᠳᠣ ᠬᠦᠳᠡᠷ ᠰᠣᠩᠭᠤᠬᠤ ᠲᠠᠰᠤᠭ ᠤᠨ ᠡᠷᠬᠢᠯᠡᠭᠴᠢ ᠶᠢᠨ | ᠲᠤᠰᠢᠶᠠᠯ ᠲᠠᠢ᠂ 2019 ᠣᠨ ᠳᠤ ᠪᠤᠭᠤᠲᠤ ᠬᠤᠲᠠ ᠶᠢᠨ ︽ᠬᠥᠳᠡᠯᠮᠦᠷᠢ ᠶᠢᠨ ᠵᠢᠱᠢᠶᠡᠴᠢ︾ ᠶᠢᠨ ᠴᠣᠯᠠ ᠶᠢ | ᠬᠦᠷᠳᠡᠵᠦ᠂ ᠪᠦᠬᠦ ᠠᠭᠤᠷᠬᠠᠢ ᠶᠢᠨ ᠠᠵᠢᠯᠲᠠᠨ ᠤ ᠰᠤᠷᠤᠯᠴᠠᠬᠤ ᠳᠠᠭᠤᠷᠢᠶᠠᠯ ᠪᠣᠯᠪᠠ᠃ | ᠠᠯᠳᠠᠨ ᠤ ᠠᠭᠤᠷᠬᠠᠶ ᠶᠢ ᠨᠡᠭᠡᠭᠡᠨ ᠮᠠᠯᠲᠠᠬᠤ ᠠᠩᠬᠠᠨ ᠤ ᠮᠡᠷᠭᠡᠵᠢᠯ ᠤᠨ ᠬᠦᠴᠢᠷ ᠠᠰᠠᠭᠤᠳᠠᠯ ᠤᠨ ᠡᠮᠦᠨ᠎ᠡ᠂ | ᠵᠤᠤ ᠰᠢᠶᠤᠤ ᠹᠸᠢ ᠡᠭᠡᠯᠵᠢ ᠳᠤᠭᠤᠶᠢᠯᠠᠩ ᠢᠶᠠᠨ ᠳᠠᠭᠠᠭᠤᠯᠤᠨ ᠬᠡᠮᠵᠢᠶ᠎ᠡ ᠶᠢ ᠰᠢᠯᠢᠳᠡᠭᠵᠢᠭᠦᠯᠬᠦ ᠪᠠ ᠰᠢᠰᠲ᠋ᠧᠮ ᠢ | ᠳᠥᠭᠦᠮᠴᠢᠯᠡᠬᠦ ᠠᠷᠭ᠎ᠠ ᠶᠢ ᠬᠡᠷᠡᠭᠯᠡᠵᠦ᠂ 0.59 ᠲᠦᠮᠡᠨ ᠪᠣᠰᠤᠭ᠎ᠠ ᠳᠥᠷᠪᠡᠯᠵᠢᠨ ᠮᠧ᠊ᠲᠷ ᠮᠠᠯᠲᠠᠵᠤ ᠭᠠᠷᠭᠠᠬᠤ | ᠬᠡᠮᠵᠢᠶ᠎ᠡ ᠶᠢ ᠪᠠᠭᠠᠰᠬᠠᠵᠤ᠂ 318 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠠᠷᠪᠢᠯᠠᠪᠠ᠃ ᠬᠦᠳᠡᠷ ᠤᠨ | ᠰᠢᠨᠵᠢ ᠴᠢᠨᠠᠷ ᠤᠨ ᠪᠤᠳᠤᠯᠢᠶᠠᠨᠲᠠᠶ ᠪᠠᠶᠢᠳᠠᠯ ᠠᠴᠠ ᠪᠣᠯᠵᠤ ᠬᠥᠪᠦᠮᠡᠯ ᠰᠣᠩᠭᠤᠯᠲᠠ ᠶᠢᠨ ᠭᠦᠢᠴᠡᠳᠬᠡᠬᠦ ᠲᠤᠭ᠎ᠠ ᠶᠢᠨ | ᠬᠡᠯᠪᠡᠯᠵᠡᠯ ᠢ ᠪᠣᠶ ᠪᠣᠯᠭᠠᠵᠤ᠂ ᠲᠡᠷᠡ ᠲᠦᠷᠦᠭᠦᠯᠡᠨ ᠪᠣᠭᠤᠮᠲᠠ ᠰᠢᠪᠲᠤᠯᠬᠤ ᠳᠤᠭᠤᠶᠢᠯᠠᠩ ᠪᠠᠶᠢᠭᠤᠯᠵᠤ᠂ ︽ | ᠳᠥᠷᠪᠡᠨ ᠬᠡᠰᠡᠭ ᠬᠡᠯᠪᠡᠷᠢ ᠶᠢᠨ ᠳᠡᠭᠳᠡᠮᠡᠯ ᠰᠣᠩᠭᠤᠯᠲᠠ ᠶᠢᠨ ᠪᠣᠯᠵᠣᠯᠲᠤ ᠲᠤᠭ᠎ᠠ ᠶᠢ ᠬᠥᠳᠡᠯᠦᠩᠭᠦᠶ ᠪᠠᠷ | ᠲᠣᠬᠢᠷᠠᠭᠤᠯᠬᠤ ᠠᠷᠭ᠎ᠠ︾ ᠶᠢ ᠪᠣᠶ ᠪᠣᠯᠭᠠᠵᠤ᠂ ᠲᠣᠭᠠᠨ ᠤ ᠤᠬᠠᠭᠠᠨ ᠤ ᠵᠠᠭᠪᠤᠷ ᠢ ᠪᠠᠶᠢᠭᠤᠯᠤᠨ ᠣᠶᠤᠨᠴᠢ | ᠲᠣᠬᠢᠷᠠᠭᠤᠯᠤᠯᠲᠠ ᠶᠢ ᠪᠡᠶᠡᠯᠡᠭᠦᠯᠵᠦ᠂ ᠬᠡᠮᠬᠡᠯᠬᠦ ᠪᠠ ᠰᠢᠭᠰᠢᠨ ᠰᠣᠩᠭᠤᠬᠤ ᠴᠤᠪᠤᠷᠠᠯ ᠢ ᠰᠢᠯᠢᠳᠡᠭᠵᠢᠭᠦᠯᠵᠦ᠂ | ᠬᠦᠳᠡᠷ ᠤᠨ ᠡᠭᠡᠭᠦᠯᠦᠨ ᠬᠤᠷᠢᠶᠠᠬᠤ ᠨᠣᠷᠮ᠎ᠠ ᠶᠢ 20% ᠠᠴᠠ ᠳᠡᠭᠡᠭᠰᠢ ᠳᠡᠭᠡᠭᠰᠢᠯᠡᠭᠦᠯᠵᠦ᠂ ᠭᠠᠷᠤᠯᠲᠠ ᠶᠢᠨ | ᠬᠡᠮᠵᠢᠶ᠎ᠡ ᠶᠢ 5% ᠪᠠᠷ ᠳᠡᠭᠡᠭᠰᠢᠯᠡᠭᠦᠯᠦᠨ᠂ ᠵᠢᠯ ᠤᠨ ᠦᠷ᠎ᠡ ᠠᠰᠢᠭ ᠢ 300 ᠭᠠᠷᠤᠶ ᠲᠦᠮᠡᠨ ᠲᠥᠭᠦᠷᠢᠭ | ᠨᠡᠮᠡᠭᠳᠡᠭᠦᠯᠪᠡ᠃ ᠲᠣᠨᠤᠭ ᠲᠥᠬᠦᠭᠡᠷᠦᠮᠵᠢ ᠶᠢ ᠥᠭᠡᠷᠡᠴᠢᠯᠡᠬᠦ ᠲᠠᠯ᠎ᠠ ᠪᠠᠷ᠂ ᠲᠡᠭᠦᠨ ᠤ ᠭᠤᠣᠯᠯᠠᠨ ᠵᠢᠯᠣᠭᠤᠳᠤᠭᠰᠠᠨ | ᠲᠥᠷᠥᠯ ᠵᠦᠢᠯ ᠨᠢ ᠳᠣᠲᠣᠷ ᠬᠠᠪᠲᠠᠰᠤ ᠶᠢᠨ ᠬᠡᠷᠡᠭᠯᠡᠬᠦ ᠬᠤᠭᠤᠴᠠᠭ᠎ᠠ ᠶᠢ ᠤᠷᠲᠤᠳᠬᠠᠵᠤ᠂ ᠤᠩᠭᠠᠷᠢᠯ ᠡᠳ᠋ ᠤᠨ | ᠬᠤᠷᠣᠭᠳᠠᠯ ᠢ ᠪᠠᠭᠠᠰᠬᠠᠵᠤ᠂ ᠶᠡᠭᠡ ᠬᠡᠮᠵᠢᠶᠡᠨ ᠤ ᠥᠪᠡᠷ ᠤᠨ ᠥᠷᠲᠡᠭ ᠢ ᠠᠷᠪᠢᠯᠠᠪᠠ᠃ | ︽ᠠᠮᠤᠷ ᠲᠦᠪᠰᠢᠨ ᠤ ᠤᠯᠠᠭᠠᠨ ᠱᠤᠭᠤᠮ ᠪᠣᠯ ᠠᠮᠢᠨ ᠰᠤᠳᠠᠰᠤ ᠮᠥᠨ︾ ᠵᠤᠤ ᠰᠢᠶᠤᠤ ᠹᠸᠢ ᠦᠷᠭᠦᠯᠵᠢ | ᠠᠮᠠ ᠠᠮᠠᠨ ᠳᠠᠭᠠᠨ ᠲᠠᠯᠪᠢᠳᠠᠭ ᠦᠭᠡ᠃ ᠲᠡᠷᠡ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ | ᠪᠠᠶᠢᠭᠤᠯᠤᠨ ᠪᠦᠷᠢᠨᠰᠢᠬᠦᠯᠵᠤ᠂ ︽ᠭᠤᠷᠪᠠ ᠶᠢ ᠪᠠᠶᠢᠴᠠᠭᠠᠵᠤ ᠭᠤᠷᠪᠠ ᠶᠢ ᠥᠭᠡᠷᠡᠴᠢᠯᠡᠬᠦ︾ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠷᠭ᠎ᠠ ᠶᠢ ᠠᠩᠬ᠎ᠠ ᠡᠭᠦᠳᠴᠦ᠂ ︽ᠠᠵᠢᠯ ᠤᠨ ᠪᠠᠶᠢᠷᠢ ᠶᠢᠨ ᠠᠶᠤᠯ | ᠲᠦᠭᠰᠢᠭᠦᠷᠢ ᠶᠢ ᠦᠵᠡᠭᠳᠡᠬᠦ︾ ᠪᠣᠯᠪᠠᠰᠤᠷᠠᠯ ᠢ ᠬᠡᠷᠡᠭᠵᠢᠭᠦᠯᠪᠡ᠃ ᠬᠠᠵᠠᠭᠤ ᠬᠥᠲᠥᠯ ᠢ ᠬᠠᠮᠠᠭᠠᠯᠠᠨ ᠪᠠᠬᠢᠵᠢᠭᠦᠯᠬᠦ᠂ | ᠳᠤᠮᠳᠠ ᠡᠵᠡᠮᠳᠡᠯ ᠢ ᠬᠤᠯᠪᠣᠭᠠᠯᠠᠨ ᠬᠥᠳᠡᠯᠦᠯᠴᠡᠵᠦ ᠲᠦᠭᠰᠢᠭᠦᠷᠢ ᠮᠡᠳᠡᠭᠡᠯᠡᠬᠦ ᠰᠢᠰᠲ᠋ᠧᠮ ᠢ ᠥᠭᠡᠷᠡᠴᠢᠯᠡᠬᠦ ᠵᠡᠷᠭᠡ | ᠠᠯᠢ ᠤᠯᠠᠨ ᠠᠮᠤᠷ ᠲᠦᠪᠰᠢᠨ ᠤ ᠢᠨᠵᠧᠨᠧᠷᠢᠩ ᠢ ᠭᠤᠣᠯᠳᠠᠯᠭ᠎ᠠ ᠲᠠᠢ ᠪᠠᠷ ᠪᠡᠶᠡᠯᠡᠭᠦᠯᠵᠦ᠂ ᠠᠭᠤᠷᠬᠠᠢ ᠶᠢᠨ | ᠣᠷᠣᠨ ᠤ ᠠᠶᠤᠯ ᠲᠦᠭᠰᠢᠭᠦᠷᠢ ᠶᠢᠨ ᠠᠵᠢᠯ ᠤᠨ ᠴᠡᠭ ᠢ ᠬᠢᠨᠠᠨ ᠡᠵᠡᠮᠳᠡᠬᠦ ᠳᠤ ᠥᠨᠴᠥᠭ ᠪᠤᠯᠤᠩ ᠦᠭᠡᠢ᠂ | ᠦᠢᠯᠡᠳᠪᠦᠷᠢ ᠶᠢᠨ ᠲᠠᠰᠤᠭ ᠢ 3 ᠵᠢᠯ ᠳᠠᠷᠠᠭᠠᠯᠠᠨ ︽ᠥᠴᠦᠬᠡᠨ ᠴᠦ ᠬᠦᠨᠳᠦ ᠰᠢᠷᠬᠠᠲᠤᠯ ᠦᠭᠡᠢ︾ ᠪᠣᠯᠭᠠᠬᠤ ᠶᠢ | ᠪᠡᠶᠡᠯᠡᠭᠦᠯᠪᠡ᠃ ᠲᠡᠷᠡ ᠪᠠᠰᠠ ᠨᠠᠷᠢᠨ ᠲᠣᠭᠤᠰᠣ ᠶᠢ ᠵᠠᠰᠠᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ | ᠠᠵᠢᠯᠲᠠᠨ ᠠᠵᠢᠯᠴᠢᠨ ᠳᠤ ᠠᠮᠤᠷ ᠲᠦᠪᠰᠢᠨ ᠡᠷᠡᠭᠦᠯ ᠰᠠᠷᠠᠭᠤᠯ ᠠᠵᠢᠯ ᠤᠨ ᠣᠷᠴᠢᠨ ᠲᠣᠭᠤᠷᠢᠨ ᠢ ᠪᠣᠶ ᠪᠣᠯᠭᠠᠵᠤ | ᠥᠭᠴᠡᠶ᠃ | ᠵᠣᠣ ᠰᠢᠶᠤᠤ ᠹᠸᠢ ᠪᠦᠯᠬᠦᠮ ᠨᠡᠶᠢᠲᠡ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ ︽1 + 2 + 3︾ | ᠪᠠᠭᠰᠢ ᠱᠠᠪᠢ ᠬᠥᠮᠦᠵᠢᠭᠦᠯᠬᠦ ᠲᠣᠭᠲᠠᠴᠠ ᠶᠢ ᠡᠭᠦᠳᠦᠨ ᠪᠠᠶᠢᠭᠤᠯᠵᠤ᠂ ᠭᠤᠤᠯᠯᠠᠭᠴᠢ ᠳᠠᠮᠵᠢᠭᠤᠯᠭ᠎ᠠ ᠶᠢᠨ | ᠬᠠᠪᠰᠤᠷᠤᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠺᠣᠮᠫᠠᠨᠢ ᠳᠤ 12 ᠮᠠᠰᠲ᠋ᠧᠷ᠂ 35 ᠠᠵᠢᠯ ᠤᠨ | ᠪᠠᠶᠢᠷᠢ ᠶᠢᠨ ᠴᠢᠳᠠᠪᠤᠷᠢᠲᠠᠨ ᠢ ᠬᠥᠮᠦᠵᠢᠭᠦᠯᠵᠦ ᠥᠭᠪᠡ᠃ ᠲᠡᠷᠡ ᠠᠵᠢᠯᠳᠠᠨ ᠠᠵᠢᠯᠴᠢᠨ ᠤ ᠬᠠᠶᠢᠷ᠎ᠠ | ᠰᠡᠳᠬᠢᠯᠭᠡ ᠶᠢᠨ ᠬᠡᠷᠡᠭᠴᠡᠭᠡ ᠪᠣᠯᠤᠨ ᠠᠵᠢᠯ ᠮᠡᠷᠭᠡᠵᠢᠯ ᠤᠨ ᠬᠥᠭᠵᠢᠯᠲᠡ ᠶᠢ ᠴᠢᠬᠤᠯᠠᠴᠢᠯᠠᠵᠤ᠂ ᠠᠮᠠᠷᠠᠬᠤ ᠴᠠᠭ ᠢ | ᠠᠰᠢᠭᠯᠠᠨ ᠵᠠᠯᠠᠭᠤ ᠠᠵᠢᠯᠳᠠᠨ ᠠᠵᠢᠯᠴᠢᠨ ᠤ ᠰᠡᠵᠢᠭ ᠢ ᠲᠠᠶᠢᠯᠵᠤ᠂ ᠠᠵᠢᠯᠳᠠᠨ ᠠᠵᠢᠯᠴᠢᠨ ᠤ ᠤᠷ᠎ᠠ ᠮᠡᠷᠭᠡᠵᠢᠯ ᠤᠨ | ᠤᠷᠤᠯᠳᠤᠭᠠᠨ ᠪᠣᠯᠤᠨ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠲᠡᠷᠡ 9 ᠵᠦᠢᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠳᠤ ᠣᠷᠣᠯᠴᠠᠵᠤ᠂ 12 ᠵᠦᠢᠯ ᠤᠨ ᠵᠦᠶ ᠵᠣᠬᠢᠰᠲᠠᠶ | ᠰᠠᠨᠠᠭᠤᠯᠭ᠎ᠠ ᠳᠤᠷᠠᠳᠴᠤ᠂ ᠠᠵᠢᠯᠳᠠᠨ ᠠᠵᠢᠯᠴᠢᠨ ᠢ 37 ᠵᠤᠷᠪᠤᠰ ᠳᠡᠭᠡᠭᠰᠢ ᠮᠡᠳᠡᠭᠦᠯᠵᠦ᠂ ᠺᠣᠮᠫᠠᠨᠢ ᠶᠢᠨ | ᠥᠪᠡᠷ ᠤᠨ ᠦᠷᠳᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠨ ᠴᠢᠳᠠᠯ ᠢᠶᠠᠨ | ᠡᠷᠭᠦᠬᠦ ᠶᠢ ᠵᠣᠷᠢᠭᠵᠢᠭᠤᠯᠪᠠ᠃ | ᠠᠮᠢᠳᠤᠷᠠᠯ ᠳᠤᠮᠳᠠᠬᠢ ᠵᠤᠤ ᠰᠢᠶᠤᠤ ᠹᠸᠢ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ | ᠰᠡᠳᠬᠢᠯ ᠢᠶᠠᠷ ᠬᠠᠨᠳᠤᠵᠤ᠂ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠳᠤ ᠦᠷᠭᠦᠯᠵᠢᠯᠡᠨ | ᠣᠷᠣᠯᠴᠠᠵᠤ᠂ ᠬᠤᠪᠢ ᠬᠥᠮᠦᠨ 13 ᠲᠦᠮᠡ ᠭᠠᠷᠤᠢ ᠲᠥᠭᠦᠷᠢᠭ ᠬᠠᠨᠳᠢᠪᠯᠠᠵᠤ᠂ ᠡᠳ᠋ ᠪᠣᠳᠠᠰ 3 ᠲᠦᠮᠡ ᠭᠠᠷᠤᠢ | ᠲᠥᠭᠦᠷᠢᠭ ᠬᠠᠨᠳᠢᠪᠯᠠᠪᠠ᠃ ᠲᠡᠷᠡ ᠪᠠᠰᠠ ᠪᠦᠯᠬᠦᠮ ᠳᠠᠭᠠᠭᠤᠯᠤᠨ ᠠᠵᠤ ᠠᠬᠤᠶᠢᠯᠠᠯ ᠤᠨ ᠡᠷᠬᠢᠨ ᠲᠣᠭᠤᠷᠢᠨ ᠤ | ᠠᠶᠢᠯ ᠲᠣᠰᠬᠤᠨ ᠤ ᠵᠠᠮ ᠢ ᠰᠠᠶᠢᠵᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠶᠠᠳᠠᠭᠤ ᠬᠦᠴᠢᠷᠳᠡᠯᠲᠡᠢ ᠬᠠᠮᠲᠤ | ᠠᠵᠢᠯᠯᠠᠭᠴᠢ ᠶᠢ ᠬᠠᠪᠰᠤᠷᠪᠠ᠃ ᠰᠠᠶᠢᠨ ᠳᠤᠷ᠎ᠠ ᠶᠢᠨ ᠦᠢᠯᠡᠴᠢᠯᠡᠭᠡ ᠪᠤᠶᠤ ᠪᠤᠰᠤᠳ ᠢ ᠬᠠᠪᠰᠤᠷᠤᠨ ᠲᠡᠳᠬᠦᠭᠰᠡᠨ | ᠴᠤ ᠲᠡᠷᠡ᠂ ᠲᠡᠷᠡ ᠬᠡᠵᠢᠶᠡᠳᠡ ᠡᠮᠦᠨ᠎ᠡ ᠨᠢ ᠭᠠᠪᠰᠢᠭᠠᠶᠢᠯᠠᠵᠤ᠂ ︽ᠠᠵᠢᠯ ᠤᠨ ᠪᠠᠶᠢᠷᠢ ᠪᠠᠨ ᠬᠠᠶᠢᠷᠠᠯᠠᠵᠤ | ᠦᠢᠯᠡᠰ ᠢᠶᠠᠨ ᠳᠡᠭᠡᠳᠦᠯᠡᠬᠦ︾ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ | ᠦᠢᠯᠡᠳᠦᠯᠭᠡᠵᠢᠭᠦᠯᠳᠡᠭ᠃ | ᠵᠤᠤ ᠰᠢᠶᠤᠤ ᠹᠸᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠦᠨᠳᠦᠰᠦᠯᠡᠵᠦ᠂ ᠮᠡᠷᠭᠡᠵᠢᠯ ᠤᠨ ᠰᠢᠨ᠎ᠡ | ᠡᠭᠦᠳᠦᠯᠲᠡ᠂ ᠠᠶᠤᠯᠭᠦᠢ ᠦᠢᠯᠡᠳᠪᠦᠷᠢᠯᠡᠯ᠂ ᠪᠦᠯᠬᠦᠮ ᠨᠡᠶᠢᠲᠡ ᠶᠢᠨ ᠪᠠᠶᠢᠭᠤᠯᠤᠯᠲᠠ ᠪᠠ ᠨᠡᠶᠢᠲᠡ ᠶᠢᠨ | ᠠᠰᠠᠷᠠᠮᠵᠢ ᠶᠢᠨ ᠦᠢᠯᠡᠰ ᠵᠡᠷᠭᠡ ᠲᠠᠯ᠎ᠠ ᠪᠠᠷ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠦᠴᠦ ᠬᠥᠯᠥᠰᠥ ᠪᠠ ᠤᠶᠤᠨ | ᠤᠬᠠᠭᠠᠨ ᠢᠶᠠᠷ ᠥᠪᠡᠷ ᠤᠨ ᠪᠡᠶ᠎ᠡ ᠳᠡᠭᠡᠨ ᠬᠠᠷᠢᠶᠠᠯᠠᠭᠳᠠᠬᠤ ᠲᠡᠮᠡᠴᠡᠯ ᠤᠨ ᠬᠠᠭᠤᠳᠠᠰᠤ ᠶᠢ ᠪᠢᠴᠢᠭᠯᠡᠬᠦ ᠪᠣᠯ ᠨᠡᠷ᠎ᠡ | ᠨᠢᠳᠡᠷ ᠲᠡᠭᠡᠨ ᠨᠡᠶᠢᠴᠡᠭᠰᠡᠨ ᠴᠠᠭ ᠦᠶ᠎ᠡ ᠶᠢᠨ ᠦᠯᠢᠭᠡᠷ ᠳᠠᠭᠤᠷᠢᠶᠠᠯ ᠮᠥᠨ︕ |