ᠭᠦᠶᠡᠩ ᠰᠢᠶᠠᠨ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2025/5/6
     ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠥᠯᠥᠭᠡ᠂ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠰᠢᠶᠠᠨ ᠤ ᠨᠠᠮ ᠤᠨ ᠬᠤᠷᠢᠶ᠎ᠡ ᠪᠥᠬᠦ ᠰᠢᠶᠠᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠯᠠᠭᠤᠴᠤᠳ ᠤᠨ ᠣᠨᠣᠯ ᠤᠨ ᠰᠤᠷᠤᠯᠴᠠᠯᠭ᠎ᠠ ᠶᠢᠨ ᠳᠤᠭᠤᠶᠢᠯᠠᠩ ᠵᠡᠷᠭᠡ ᠠᠴᠢᠶᠠᠯᠠᠪᠤᠷᠢ ᠳᠤ ᠲᠦᠰᠢᠭᠯᠡᠨ᠂ ᠰᠣᠯᠢᠯᠴᠠᠵᠤ ᠰᠤᠳᠤᠯᠤᠨ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠰᠤᠳᠤᠯᠤᠨ ᠰᠤᠷᠤᠯᠴᠠᠬᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ ᠵᠡᠷᠭᠡ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠵᠠᠯᠠᠭᠤ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠴᠢᠩᠭ᠎ᠠ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠬᠢᠯᠭ᠎ᠠ ᠪᠠᠲᠤ ᠶᠢ ᠪᠠᠶᠢᠴᠠᠭᠠᠵᠤ᠂ ᠬᠠᠷᠢᠴᠠᠭᠤᠯᠤᠨ ᠡᠷᠭᠢᠴᠡᠭᠦᠯᠦᠨ ᠪᠣᠳᠣᠯᠬᠢᠯᠠᠬᠤ ᠳᠤᠮᠳᠠ ᠦᠨᠳᠦᠰᠦ ᠰᠤᠷᠪᠤᠯᠵᠢ ᠶᠢ ᠵᠠᠳᠠᠯᠵᠤ᠂ ᠰᠠᠶᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃    ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ    ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠠᠯᠠᠭᠤᠴᠤᠳ ᠤᠨ ᠣᠨᠣᠯ ᠤᠨ ᠰᠤᠷᠤᠯᠴᠠᠯᠭ᠎ᠠ ᠶᠢᠨ ᠳᠤᠭᠤᠶᠢᠯᠠᠩ ᠳᠤ ᠲᠦᠰᠢᠭᠯᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠵᠠᠯᠠᠭᠤᠴᠤᠳ ᠤᠨ ᠣᠨᠣᠯ ᠤᠨ ᠰᠤᠷᠤᠯᠴᠠᠯᠭ᠎ᠠ ᠶᠢᠨ ᠳᠤᠭᠤᠶᠢᠯᠠᠩ ᠤᠨ ᠬᠠᠷᠠᠯᠲᠠ ᠡᠭᠦᠷᠭᠡ ᠪᠠ ᠠᠵᠢᠯ ᠤᠨ ᠲᠣᠬᠢᠷᠠᠭᠤᠯᠤᠯᠲᠠ ᠶᠢ ᠲᠣᠬᠢᠷᠠᠭᠤᠯᠤᠨ ᠪᠠᠶᠢᠷᠢᠯᠠᠭᠤᠯᠪᠠ᠃ ᠵᠠᠯᠠᠭᠤᠴᠤᠳ ᠤᠨ ᠲᠥᠯᠥᠭᠡᠯᠡᠭᠴᠢ ᠶᠢ ᠳᠠᠭᠠᠭᠤᠯᠤᠨ ᠤᠩᠰᠢᠬᠤ᠂ ᠰᠤᠷᠤᠯᠴᠠᠭᠰᠠᠨ ᠣᠶᠢᠯᠠᠭᠠᠯᠲᠠ ᠪᠠᠨ ᠬᠤᠪᠢᠶᠠᠯᠴᠠᠨ ᠡᠳ᠋ᠯᠡᠬᠦ ᠠᠷᠭ᠎ᠠ ᠬᠡᠯᠪᠡᠷᠢ ᠶᠢ ᠠᠪᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠪᠠ᠃ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠬᠤ ᠦᠶ᠎ᠡ ᠳᠤ᠂ ᠵᠠᠯᠠᠭᠤ ᠺᠠᠳ᠋ᠷᠴᠤᠳ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠵᠠᠯᠠᠭᠤ ᠺᠠᠳ᠋ᠷᠴᠤᠳ ︽ᠣᠨᠣᠯ ᠤᠨ ᠰᠤᠷᠤᠯᠴᠠᠯᠭ᠎ᠠ᠂ ᠨᠠᠮᠴᠢ ᠴᠢᠨᠠᠷ ᠤᠨ ᠪᠣᠯᠪᠠᠰᠤᠷᠠᠯ᠂ ᠦᠨᠳᠦᠰᠦᠨ ᠱᠠᠲᠤᠨ ᠤ ᠦᠢᠯᠡᠳᠦᠯᠭᠡ︾ ᠭᠡᠬᠦ ᠭᠤᠷᠪᠠᠨ ᠬᠢᠴᠢᠶᠡᠯ ᠢ ᠴᠢᠷᠮᠠᠶᠢᠨ ᠰᠠᠶᠢᠲᠤᠷ ᠰᠤᠷᠤᠯᠴᠠᠵᠤ᠂ ᠣᠨᠣᠯ ᠤᠨ ᠰᠤᠷᠤᠯᠴᠠᠯᠭ᠎ᠠ ᠳᠤᠮᠳᠠ ᠪᠠᠨ ᠲᠠᠷᠢᠶᠠᠯᠠᠩ ᠢ ᠬᠥᠭᠵᠢᠭᠦᠯᠬᠦ ︽ᠡᠬᠢ ᠰᠤᠷᠪᠤᠯᠵᠢ ᠶᠢ ᠠᠮᠢᠳᠤᠯᠢᠭ ᠪᠣᠯᠭᠠᠬᠤ︾ ᠶᠢ ᠰᠢᠩᠭᠡᠭᠡᠨ ᠠᠪᠴᠤ᠂ ᠨᠠᠮᠴᠢ ᠴᠢᠨᠠᠷ ᠤᠨ ᠬᠠᠶᠢᠯᠲᠠ ᠶᠢᠨ ᠵᠤᠤᠬᠠᠨ ᠤ ᠳᠤᠮᠳᠠ ᠲᠠᠷᠢᠶᠠᠯᠠᠩ ᠢ ᠳᠡᠮᠵᠢᠬᠦ ︽ᠪᠣᠯᠣᠳ ᠰᠢᠷᠪᠥᠰᠥ︾ ᠶᠢ ᠳᠠᠪᠲᠠᠨ ᠪᠣᠯᠪᠠᠰᠤᠷᠠᠭᠤᠯᠵᠤ᠂ ᠲᠠᠷᠢᠶᠠᠨ ᠭᠠᠵᠠᠷ ᠲᠤ ᠲᠠᠷᠢᠶᠠᠯᠠᠩ ᠢ ᠳᠡᠮᠵᠢᠬᠦ ︽ᠡᠯᠪᠡᠭ ᠬᠤᠷᠢᠶᠠᠯᠲᠠ ᠶᠢᠨ ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠵᠦ᠂ ︽ᠰᠠᠯᠠᠭ᠎ᠠ ᠮᠥᠴᠢᠷ ᠤᠨ ᠪᠣᠭᠤᠮᠲᠠ ᠶᠢᠨ ᠰᠡᠳᠬᠢᠯᠭᠡ︾ ᠶᠢᠨ ᠤᠭ ᠰᠠᠨᠠᠭ᠎ᠠ ᠪᠠᠨ ᠪᠢᠴᠢᠭᠯᠡᠵᠦ᠂ ᠬᠥᠮᠦᠨ ᠤ ᠠᠮᠢᠳᠤᠷᠠᠯ ᠤᠨ ᠬᠦᠰᠡᠯᠡᠩ ᠢᠶᠠᠨ ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠳᠤ ᠠᠭᠤᠰᠤᠯᠴᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠢᠳᠡᠪᠬᠢᠲᠡᠢ ᠬᠤᠪᠢᠷᠠᠭᠤᠯᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠳᠡᠪᠬᠢᠲᠡᠢ ᠦᠢᠯᠡᠳᠦᠯᠭᠡᠵᠢᠭᠦᠯᠵᠦ᠂ ᠭᠦᠶᠡᠩ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠦᠲᠦᠭᠡᠨ ᠪᠠᠶᠢᠭᠤᠯᠬᠤ ᠳᠤ ᠨᠡᠩ ᠣᠯᠠᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ    4 ᠰᠠᠷ᠎ᠠ ᠶᠢᠨ 23 ᠤ ᠡᠳᠦᠷ ᠪᠣᠯ ᠳᠡᠯᠡᠬᠡᠢ ᠶᠢᠨ ᠨᠣᠮ ᠤᠩᠰᠢᠬᠤ ᠡᠳᠦᠷ ᠪᠣᠯᠤᠨ᠎ᠠ᠃ ᠵᠠᠯᠠᠭᠤ ᠨᠠᠮ ᠤᠨ ᠭᠡᠰᠢᠭᠦᠨ ᠺᠠᠳ᠋ᠷᠴᠤᠳ ︽ᠳᠠᠭᠠᠭᠤᠯᠤᠨ ᠰᠤᠷᠤᠯᠴᠠᠵᠤ ᠨᠠᠷᠢᠯᠢᠭ ᠤᠩᠰᠢᠬᠤ︾ ᠠᠷᠭ᠎ᠠ ᠬᠡᠯᠪᠡᠷᠢ ᠶᠢ ᠠᠪᠴᠤ᠂ ᠣᠯᠠᠨ ᠢ ᠳᠠᠭᠠᠭᠤᠯᠤᠨ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠨᠢᠭᠡᠳ ᠨᠢᠭᠡ ᠪᠠᠷ ᠰᠤᠳᠤᠯᠤᠨ ᠤᠩᠰᠢᠵᠤ᠂ ᠣᠯᠠᠨ ᠳᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠭᠤᠯᠪᠠ᠃ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠳᠤᠮᠳᠠ᠂ ᠵᠠᠯᠠᠭᠤ ᠺᠠᠳ᠋ᠷ 2 ᠠᠰᠠᠭᠤᠳᠠᠯ ᠤᠨ ᠨᠠᠷᠢᠨ ᠳᠠᠩᠰᠠ ᠲᠠᠢ ᠬᠠᠷᠭᠤᠭᠤᠯᠤᠨ ᠪᠠᠶᠢᠴᠠᠭᠠᠵᠤ ᠲᠤᠩᠭᠠᠨ ᠪᠣᠳᠣᠯᠬᠢᠯᠠᠵᠤ᠂ ᠦᠭᠡ ᠬᠡᠯᠡᠬᠦ ᠳᠤ ᠳᠤᠷ᠎ᠠ ᠪᠠᠷ ᠢᠶᠠᠨ ᠪᠠᠶᠢᠬᠤ ᠵᠡᠷᠭᠡ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠳᠡᠯᠭᠡᠬᠦ ᠶᠢᠨ ᠬᠠᠮᠲᠤ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠰᠣᠯᠢᠯᠴᠠᠪᠠ᠃ ᠲᠤᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠨᠢ ᠵᠠᠯᠠᠭᠤ ᠺᠠᠳ᠋ᠷᠴᠤᠳ ᠤᠨ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠵᠢᠷᠤᠮᠵᠢᠯ ᠤᠨ ᠤᠬᠠᠮᠰᠠᠷ ᠪᠠ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠪᠠ᠃ ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ᠂ ᠰᠣᠷᠣᠭᠰᠠᠨ ᠠᠭᠤᠯᠭ᠎ᠠ ᠪᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ︽ᠲᠦᠷᠪᠡᠨ ᠰᠤᠷᠲᠠᠯ︾ ᠢ ᠡᠷᠡᠰ ᠬᠤᠷᠢᠭᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠢᠯᠢᠳᠡᠭ ᠰᠤᠷᠲᠠᠯ ᠢᠶᠠᠷ ᠬᠤᠳᠠᠯᠳᠤᠭᠠᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠵᠡᠭᠡᠪᠡ᠃    ᠰᠢ ᠳ᠋ᠧᠦ ᠫᠦ᠋ ᠪᠠᠯᠭᠠᠰᠤ    4 ᠰᠠᠷ᠎ᠠ ᠶᠢᠨ 23 ᠤ ᠡᠳᠦᠷ᠂ ᠰᠢ ᠳ᠋ᠧᠦ ᠫᠦ᠋ ᠪᠠᠯᠭᠠᠰᠤ ᠵᠠᠯᠠᠭᠤᠴᠤᠳ ᠤᠨ ᠮᠡᠳᠡᠬᠦᠢ ᠳᠤ ᠲᠦᠰᠢᠭᠯᠡᠨ ᠵᠠᠯᠠᠭᠤ ᠺᠠᠳ᠋ᠷᠴᠤᠳ ᠤᠨ ᠲᠤᠰᠬᠠᠢ ᠰᠡᠳᠦᠪᠲᠦ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠠ᠃ ᠲᠤᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠨᠢ ᠰᠢ ᠳ᠋ᠧᠦ ᠫᠦ᠋ ᠪᠠᠯᠭᠠᠰᠤᠨ ᠤ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠣᠯᠠᠨ ᠢᠶᠠᠷ ᠢᠶᠠᠨ᠂ ᠲᠤᠰ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠲᠤᠰ ᠪᠡᠶ᠎ᠡ ᠶᠢᠨ ᠤᠯᠤᠰ ᠲᠥᠷᠥ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠡᠷᠡᠮᠡᠬᠡᠶᠢᠯᠡᠨ ᠤᠷᠤᠭᠰᠢᠯᠠᠵᠤ᠂ ᠰᠢ ᠳ᠋ᠧᠦ ᠫᠦ᠋ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号