ᠰᠢᠩ ᠱᠦᠨ ᠰᠢ ᠪᠠᠯᠭᠠᠰᠤ᠄ ᠨᠠᠮ ᠤᠨ ᠭᠠᠳᠠᠨᠠᠬᠢ ᠺᠠᠳ᠋ᠷᠴᠤᠳ ᠡᠷᠡᠮᠡᠬᠡᠶᠢᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠪᠡ - ᠰᠢᠩ ᠱᠦᠨ ᠰᠢ ᠪᠠᠯᠭᠠᠰᠤ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/6
    ᠰᠢᠩ ᠱᠦᠨ ᠰᠢ ᠪᠠᠯᠭᠠᠰᠤ ᠨᠢᠭᠡ ᠰᠡᠳᠬᠢᠯ ᠨᠢᠭᠡ ᠵᠣᠷᠢᠭ ᠢᠶᠠᠷ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠢᠪᠡ    ᠨᠠᠮ ᠤᠨ ᠭᠠᠳᠠᠨᠠᠬᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠠᠳᠠᠨᠠᠬᠢ ᠺᠠᠳ᠋ᠷᠴᠤᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ ᠰᠢᠩ ᠱᠦᠨ ᠰᠢ ᠪᠠᠯᠭᠠᠰᠤ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠭᠦᠸᠧ ᠤᠣ ᠪᠦᠸᠧ ᠬᠤᠷᠠᠯ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠ ᠰᠢᠨ᠂ ᠳᠡᠳ᠋ ᠳᠠᠷᠤᠭ᠎ᠠ ᠵᠠᠩ ᠵᠢᠶᠠᠨ ᠯᠧ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠤ᠂ 20 ᠭᠠᠷᠤᠢ ᠪᠠᠯᠭᠠᠰᠤᠨ ᠤ ᠨᠠᠮ ᠤᠨ ᠭᠠᠳᠠᠨᠠᠬᠢ ᠺᠠᠳ᠋ᠷ ᠲᠤᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠠᠴᠠ ᠡᠮᠦᠨ᠎ᠡ᠂ ᠸᠠᠩ ᠵᠢᠶᠠ ᠰᠢᠨ ᠨᠡᠷ ᠺᠠᠩᠲᠤ ᠭᠤᠤ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ︽ᠭᠦᠸᠧ ᠯᠧᠢ ᠭᠦᠸᠧ ᠯᠧᠢ︾ ᠶᠢᠨ ᠲᠠᠬᠢᠶ᠎ᠡ ᠲᠡᠵᠢᠭᠡᠨ ᠦᠷᠡᠵᠢᠭᠦᠯᠬᠦ᠂ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠬᠤ ᠪᠠᠶᠢᠳᠠᠯ ᠢ ᠪᠠᠶᠢᠴᠠᠭᠠᠨ ᠰᠤᠳᠤᠯᠵᠤ᠂ ᠰᠢᠨ᠎ᠡ ᠳᠠᠪᠬᠤᠷᠭ᠎ᠠ ᠶᠢᠨ ᠬᠥᠮᠦᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠠᠭᠤᠳᠠᠯᠵᠤ᠂ ᠨᠢᠭᠡᠳᠦᠮᠡᠯ ᠹᠷᠣᠨᠲ ᠤᠨ ᠠᠵᠢᠯ ᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠶᠢᠨ ᠲᠥᠯᠥᠭᠡ ᠶᠤᠮ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠭᠦᠶᠡᠩ ᠰᠢᠶᠠᠨ ᠤ ᠨᠠᠮ ᠤᠨ ᠭᠠᠳᠠᠨᠠᠬᠢ ᠺᠠᠳ᠋ᠷ ᠤᠨ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ᠶᠠᠷᠢᠯᠴᠠᠬᠤ ᠬᠤᠷᠠᠯ ᠳᠡᠭᠡᠷ᠎ᠡ ᠰᠢᠩ ᠱᠦᠨ ᠰᠢ ᠪᠠᠯᠭᠠᠰᠤᠨ ᠤ ᠨᠠᠮ ᠤᠨ ᠭᠠᠳᠠᠨᠠᠬᠢ 6 ᠵᠠᠯᠠᠭᠤ ᠺᠠᠳ᠋ᠷ ᠥᠪᠡᠷ ᠤᠨ ᠲᠤᠬᠠᠶᠢᠯᠠᠭᠰᠠᠨ ᠠᠵᠢᠯ ᠪᠣᠯᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠪᠠᠭ᠎ᠠ ᠬᠠᠷᠠᠭ᠎ᠠ ᠪᠠᠷ᠂ ᠲᠤᠰ ᠲᠤᠰ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠬᠤᠪᠢᠶᠠᠯᠴᠠᠵᠤ᠂ ᠠᠵᠢᠯ ᠤᠨ ᠥᠩᠭᠡᠷᠡᠯᠲᠡ᠂ ᠲᠠᠨᠢᠯᠲᠠ ᠪᠣᠯᠤᠨ ᠥᠰᠦᠨ ᠪᠤᠶᠢᠵᠢᠭᠰᠠᠨ ᠣᠶᠢᠯᠠᠭᠠᠯᠲᠠ ᠂ ᠥᠪᠡᠷ ᠥᠪᠡᠷ ᠤᠨ ᠦᠵᠡᠯᠲᠡ ᠪᠤᠯᠤᠨ ᠪᠣᠳᠣᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠰᠢᠩ ᠱᠦᠨ ᠰᠢ ᠪᠠᠯᠭᠠᠰᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠬᠤᠪᠢ ᠬᠥᠮᠦᠨ ᠤ ᠬᠥᠭᠵᠢᠯᠲᠡ ᠳᠤ ᠵᠠᠮ ᠨᠡᠭᠡᠭᠡᠨ ᠴᠢᠭᠯᠡᠯ ᠲᠣᠭᠲᠠᠭᠠᠵᠤ᠂ ᠨᠠᠮ ᠤᠨ ᠭᠠᠳᠠᠨᠠᠬᠢ ᠵᠠᠯᠠᠭᠤ ᠺᠠᠳ᠋ᠷᠴᠤᠳ ᠤᠨ ᠲᠡᠮᠡᠴᠡᠯ ᠤᠨ ᠣᠷᠭᠢᠯᠤᠮ᠎ᠠ ᠰᠡᠳᠬᠢᠯᠭᠡ ᠪᠣᠯᠤᠨ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号