ᠮᠧᠩ ᠮᠠᠨ ᠲᠠᠪᠤᠨ ᠰᠠᠷ᠎ᠠ ᠶᠢᠨ ᠨᠢᠭᠡᠨ ᠳᠤ ᠭᠦᠶᠡᠩ ᠰᠢᠶᠠᠨ ᠳᠤ ᠭᠦᠷᠴᠤ ᠤᠮᠠᠷᠠᠲᠤ ᠬᠢᠯᠢ ᠶᠢᠨ ᠰᠣᠶᠣᠯ ᠤᠨ ᠥᠪ ᠤᠨ ᠪᠣᠯᠪᠠᠰᠤᠨ ᠨᠢᠭᠤᠴᠠ ᠨᠣᠮᠧᠷ ᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2025/5/6
    5 ᠰᠠᠷ᠎ᠠ ᠶᠢᠨ 1 ᠤ ᠡᠳᠦᠷ᠂ ᠠᠯᠳᠠᠷᠲᠤ ᠰᠣᠶᠣᠯ ᠤᠨ ᠡᠷᠳᠡᠮᠲᠡᠨ ᠮᠧᠩ ᠮᠠᠨ ᠭᠦᠶᠡᠩ ᠰᠢᠶᠠᠨ ᠳᠤ ᠬᠦᠷᠴᠦ᠂ ᠬᠤᠸᠠᠢ ᠱᠦᠸᠧ ᠡᠷᠲᠡᠨ ᠤ ᠬᠤᠲᠠ ᠶᠢᠨ ᠪᠠᠭᠤᠷᠢ᠂ ᠭᠦᠶᠡᠩ ᠤᠨ ᠲᠢᠶᠠᠨ ᠱᠧᠩ ᠴᠧᠩ ᠴᠢᠨ ᠤᠯᠤᠰ ᠤᠨ ᠣᠷᠳᠣ ᠴᠠᠭᠠᠨ ᠬᠡᠷᠡᠮ ᠵᠢᠴᠢ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠭᠦᠨᠵᠡᠭᠡᠶ ᠰᠤᠷᠪᠤᠯᠵᠢᠯᠠᠵᠤ᠂ ᠲᠡᠤᠬᠡ ᠶᠢᠨ ᠬᠠᠷᠠᠴᠠ ᠪᠠᠷ ᠡᠷᠳᠡᠮ ᠰᠢᠨᠵᠢᠯᠡᠭᠡᠨ ᠤ ᠬᠠᠷᠠᠭᠠᠰᠤ ᠪᠠᠷ ᠤᠮᠠᠷᠠᠲᠤ ᠬᠢᠯᠢ ᠶᠢᠨ ᠰᠣᠶᠣᠯ ᠤᠨ ᠥᠪ ᠤᠨ ᠪᠣᠯᠪᠠᠰᠤᠨ ᠨᠢᠭᠤᠴᠠ ᠨᠣᠮᠧᠷ ᠢ ᠲᠠᠶᠢᠯᠪᠤᠷᠢᠯᠠᠵᠤ᠂ ᠣᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠤᠬᠡ ᠶᠢᠨ ᠰᠤᠳᠠᠰᠤ ᠶᠢ ᠵᠢᠷᠤᠭᠯᠠᠪᠠ᠃    ᠬᠤᠸᠠᠢ ᠱᠦᠸᠧ ᠡᠷᠳᠡᠨ ᠤ ᠬᠤᠳᠠ᠄  ᠪᠤᠯᠪᠠᠰᠤᠨ ᠤ ᠶᠠᠷᠢᠯᠴᠠᠭ᠎ᠠ    ᠣᠳᠣ ᠠᠴᠠ 1500 ᠭᠠᠷᠤᠢ ᠵᠢᠯ ᠤᠨ ᠬᠤᠸᠠᠢ ᠱᠦᠸᠧ ᠡᠷᠲᠡᠨ ᠤ ᠬᠤᠲᠠ ᠶᠢᠨ ᠪᠠᠭᠤᠷᠢ ᠳᠤ᠂ ᠮᠧᠩ ᠮᠠᠨ ᠪᠠᠳᠮ᠎ᠠ ᠯᠢᠩᠬᠤ᠎ᠠ ᠶᠢᠨ ᠬᠡ ᠤᠭᠠᠯᠵᠠ ᠸᠠᠭᠠᠷ  ᠢ ᠲᠡᠭᠦᠵᠦ᠂ ᠲᠡᠭᠦᠨ ᠤ ᠬᠡ ᠤᠭᠠᠯᠵᠠ ᠨᠢ ᠤᠮᠠᠷᠠᠲᠤ ᠸᠧᠢ ᠤᠯᠤᠰ ᠤᠨ ᠦᠶ᠎ᠡ ᠶᠢᠨ ᠣᠯᠠᠨ ᠡᠰᠢᠲᠦ ᠰᠣᠶᠣᠯ ᠤᠨ ᠠᠭᠤᠰᠤᠯᠴᠠᠯ ᠤᠨ ᠬᠤᠷᠢᠶᠠᠩᠭᠤᠢ ᠳᠦᠷᠰᠦ ᠪᠣᠯᠤᠨ᠎ᠠ ᠭᠡᠵᠦ ᠵᠢᠭᠠᠵᠤ ᠭᠠᠷᠭᠠᠪᠠ᠃ ᠤᠮᠠᠷᠠᠲᠤ ᠸᠧᠢ ᠤᠯᠤᠰ ᠤᠨ ᠤᠮᠠᠷᠠᠲᠤ ᠣᠷᠣᠨ ᠤ ᠵᠢᠷᠭᠤᠭᠠᠨ ᠪᠠᠯᠭᠠᠰᠤᠨ ᠤ ᠨᠢᠭᠡ ᠪᠣᠯᠣᠭᠰᠠᠨ ᠤ ᠬᠤᠪᠢ ᠳᠤ᠂ ᠡᠨᠡ ᠬᠤᠲᠠ ᠶᠢᠨ ᠲᠣᠭᠤᠷᠢᠭ ᠤᠨ ᠳᠠᠷᠤᠭ᠎ᠠ 4667 ᠮᠧᠲᠷ ᠤᠨ ᠴᠡᠷᠢᠭ ᠤᠨ ᠴᠢᠬᠤᠯᠠ ᠪᠠᠯᠭᠠᠰᠤ ᠪᠣᠯᠵᠤ᠂ ᠰᠢᠶᠠᠨᠪᠢ᠂ ᠬᠢᠲᠠᠳ ᠦᠨᠳᠦᠰᠦᠲᠡᠨ ᠵᠡᠷᠭᠡ ᠦᠨᠳᠦᠰᠦᠲᠡᠨ ᠤ ᠠᠵᠢᠯᠯᠠᠭᠠᠨ ᠤ ᠭᠤᠣᠯ ᠣᠷᠣᠨ ᠪᠣᠯᠣᠨ᠎ᠠ᠃ ᠮᠧᠩ ᠮᠠᠨ ᠬᠡᠯᠡᠬᠦ ᠳᠡᠭᠡᠨ᠂ ᠬᠤᠸᠠᠢ ᠱᠦᠸᠧ ᠪᠠᠯᠭᠠᠰᠤᠨ ᠤ ᠮᠠᠨᠳᠤᠯ ᠪᠠᠭᠤᠷᠠᠯ ᠨᠢ ᠸᠧᠶ ᠶᠢᠨ ᠡᠮᠦᠨᠡᠲᠦ ᠤᠮᠠᠷᠠᠲᠤ ᠲᠥᠷᠥ ᠶᠢᠨ ᠦᠶ᠎ᠡ ᠶᠢᠨ ᠦᠨᠳᠦᠰᠦᠲᠡᠨ ᠤ ᠠᠭᠤᠰᠤᠯᠴᠠᠯ ᠤᠨ ᠪᠤᠳᠤᠯᠢᠶᠠᠨᠲᠠᠶ ᠠᠬᠢᠴᠠ - ᠠᠳᠡᠬᠢ ᠶᠢ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠴᠢᠬᠤᠯᠠ ᠪᠣᠭᠤᠮᠲᠠ ᠪᠣᠯᠬᠤ ᠪᠠᠷ ᠪᠠᠷᠠᠬᠤ ᠥᠬᠡᠶ᠂ ᠨᠠᠩ ᠴᠤ ᠦᠨᠳᠦᠰᠦᠲᠡᠨ ᠨᠦᠭᠦᠳ ᠤᠨ ᠠᠵᠤ ᠠᠬᠤᠶ ᠰᠣᠶᠣᠯ ᠤᠨ ᠰᠣᠯᠢᠯᠴᠠᠭᠠᠨ ᠤ ᠵᠠᠩᠭᠢᠯᠠᠭ᠎ᠠ ᠮᠥᠨ᠂ ᠬᠤᠲᠠ ᠶᠢᠨ ᠬᠡᠷᠡᠮ ᠤᠨ ᠲᠣᠭᠤᠰᠬ᠎ᠠ ᠴᠢᠯᠠᠭᠤ ᠶᠢᠨ ᠬᠤᠭᠤᠷᠣᠨᠳᠣ ︽ᠬᠤ ᠬᠠᠨ ᠬᠠᠷᠢᠯᠴᠠᠨ ᠲᠣᠯᠢᠯᠠᠬᠤ︾ ᠲᠡᠤᠬᠡ ᠶᠢᠨ ᠪᠣᠳᠠᠲᠤ ᠪᠠᠶᠢᠳᠠᠯ ᠲᠠᠢ ᠬᠤᠯᠪᠣᠭᠳᠠᠵᠤ ᠪᠠᠶᠢᠳᠠᠭ᠃    ᠲᠢᠶᠠᠨ ᠱᠧᠩ ᠴᠧᠩ ᠴᠢᠨ ᠤᠯᠤᠰ ᠤᠨ ᠤᠷᠲᠤ ᠴᠠᠭᠠᠨ ᠬᠡᠷᠡᠮ᠄ ᠲᠣᠭᠤᠰᠬ᠎ᠠ ᠴᠢᠯᠠᠭᠤᠨ ᠳᠡᠭᠡᠷᠡᠬᠢ ᠣᠶᠤᠨ ᠰᠠᠨᠠᠭᠠᠨ ᠤ ᠪᠠᠶᠢᠷᠢᠰᠢᠯ    ᠭᠦᠶᠡᠩ ᠲᠢᠶᠠᠨ ᠪᠠᠳᠠᠷᠠᠨ ᠴᠢᠨ ᠤᠯᠤᠰ ᠤᠨ ᠣᠷᠳᠣ ᠴᠠᠭᠠᠨ ᠬᠡᠷᠡᠮ ᠤᠨ ᠪᠠᠭᠤᠷᠢ ᠳᠤ᠂ ᠮᠧᠩ ᠮᠠᠨ ᠠᠭᠤᠯᠠ ᠮᠢᠷᠠᠯᠵᠠᠨ ᠮᠢᠷᠠᠯᠵᠠᠨ ᠰᠠᠭᠤᠭᠰᠠᠨ ᠬᠤᠲᠠ ᠶᠢᠨ ᠬᠡᠷᠡᠮ ᠳᠤ ᠰᠠᠭᠤᠵᠤ᠂ ︽ᠪᠠᠶᠢᠭᠠᠯᠢ ᠶᠢᠨ ᠪᠠᠷᠲᠠᠭᠠᠲᠤ ᠬᠠᠯᠬᠠᠪᠴᠢ ᠶᠢ ᠠᠰᠢᠭᠯᠠᠬᠤ︾ ᠪᠠᠷᠢᠯᠭ᠎ᠠ ᠶᠢᠨ ᠣᠶᠤᠨ ᠤᠬᠠᠭᠠᠨ ᠢ ᠮᠠᠭᠲᠠᠨ ᠰᠠᠶᠢᠰᠢᠶᠠᠪᠠ᠃ ᠡᠨᠡ ᠬᠦ ᠬᠡᠰᠡᠭ ᠨᠢ ᠣᠳᠤ ᠠᠴᠠ 2200 ᠭᠠᠷᠤᠢ ᠵᠢᠯ ᠤᠨ ᠤᠷᠲᠤ ᠴᠠᠭᠠᠨ ᠬᠡᠷᠡᠮ᠂ ᠴᠢᠯᠠᠭᠤ ᠵᠡᠷᠭᠡᠯᠡᠬᠦ ᠪᠠᠭᠠᠵᠢ ᠪᠠᠷ ᠪᠦᠷᠢᠨ ᠪᠦᠲᠦᠨ ᠰᠡᠷᠭᠡᠶᠢᠯᠡᠯᠲᠡ ᠶᠢᠨ ᠰᠢᠰᠲ᠋ᠧᠮ ᠢ ᠪᠦᠷᠢᠯᠳᠦᠭᠦᠯᠵᠦ᠂ ︽ᠴᠢᠨ ᠤᠯᠤᠰ ᠤᠨ ᠤᠷᠲᠤ ᠴᠠᠭᠠᠨ ᠬᠡᠷᠡᠮ ᠤᠨ ᠮᠦᠽᠧᠶ︾ ᠭᠡᠵᠦ ᠠᠯᠳᠠᠷᠰᠢᠵᠠᠢ᠃ ᠲᠡᠷᠡ ᠵᠤᠭᠠᠴᠠᠵᠤ ᠪᠠᠶᠢᠬᠤ ᠳᠠᠭᠠᠨ ︽ᠳᠠᠩᠴᠤ ᠰᠠᠶᠢᠬᠠᠨ᠂ ᠡᠨᠡ ᠭᠠᠵᠠᠷ ᠳᠠᠩᠴᠤ ᠭᠤᠶᠣ︕︾ ᠭᠡᠵᠦ ᠰᠡᠭᠦᠷᠡᠰᠦ ᠠᠯᠳᠠᠵᠠᠢ᠃ ᠡᠭᠦᠨ ᠤ ᠬᠠᠮᠲᠤ᠂ ᠣᠷᠳᠣ ᠴᠠᠭᠠᠨ ᠬᠡᠷᠡᠮ ᠨᠢ ᠴᠡᠷᠢᠭ ᠤᠨ ᠶᠠᠪᠤᠳᠠᠯ ᠤᠨ ᠢᠨᠵᠧᠨᠧᠷᠢᠩ ᠪᠣᠯᠬᠤ ᠪᠠᠷ ᠪᠠᠷᠠᠬᠤ ᠥᠬᠡᠶ᠂ ᠨᠠᠩ ᠴᠤ ᠲᠠᠷᠢᠶᠠᠯᠠᠭ᠎ᠠ ᠪᠠ ᠨᠡᠭᠦᠳᠡᠯ ᠰᠣᠶᠣᠯ ᠤᠨ ᠶᠠᠷᠢᠯᠴᠠᠭᠠᠨ ᠤ ᠠᠴᠢᠶᠠᠯᠠᠪᠤᠷᠢ ᠮᠥᠨ᠂ ᠲᠡᠭᠦᠨ ᠤ ᠵᠠᠮ ᠳᠠᠭᠠᠤ ᠲᠠᠷᠬᠠᠵᠤ ᠪᠠᠶᠢᠭ᠎ᠠ ᠬᠠᠳᠠᠨ ᠵᠢᠷᠤᠭ᠂ ᠬᠠᠯᠬᠠᠪᠴᠢ ᠬᠤᠲᠠ ᠵᠡᠷᠭᠡ ᠦᠯᠡᠳᠡᠭᠳᠡᠯ ᠢ ᠬᠠᠮᠲᠤ ᠪᠠᠷ ᠵᠢᠷᠤᠭᠯᠠᠵᠤ᠂ ᠤᠮᠠᠷᠠᠲᠤ ᠬᠢᠯᠢ ᠶᠢᠨ ᠪᠣᠯᠪᠠᠰᠤᠨ ᠤ ᠳᠠᠪᠬᠤᠷ ᠳᠦᠷᠰᠦ ᠪᠠᠶᠢᠳᠠᠯ ᠢ ᠬᠠᠮᠲᠤ ᠪᠠᠷ ᠵᠢᠷᠤᠭᠯᠠᠬᠤ - ᠮᠥᠷᠭᠦᠯᠳᠦᠬᠦ ᠶᠢ ᠰᠡᠷᠭᠡᠶᠢᠯᠡᠬᠦ ᠬᠠᠳᠠᠨ ᠴᠢᠨᠠᠷ ᠲᠠᠢ ᠮᠥᠷᠲᠡᠭᠡᠨ ᠪᠠᠰᠠ ᠰᠣᠶᠣᠯ ᠤᠨ ᠰᠣᠯᠢᠯᠴᠠᠭᠠᠨ ᠤ ᠤᠶᠠᠨ ᠴᠢᠨᠠᠷ ᠲᠠᠢ ᠶᠤᠮ᠃    ᠴᠢᠨ ᠴᠠᠩ ᠴᠧᠩ ᠤᠯᠤᠰ ᠤᠨ ᠰᠣᠶᠣᠯ ᠤᠨ ᠴᠡᠴᠡᠷᠯᠢᠭ᠄ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠᠬᠢ ᠠᠮᠢᠳᠤ ᠪᠣᠳᠠᠰ ᠤᠨ ᠤᠯᠠᠮᠵᠢᠯᠠᠯ    ᠭᠦᠶᠡᠩ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠲᠤ᠂ ᠮᠧᠩ ᠮᠠᠨ ᠲᠣᠭᠠᠴᠢᠯᠠᠭᠰᠠᠨ ᠳᠡᠯᠭᠡᠨ ᠦᠵᠡᠭᠦᠯᠬᠦ ᠠᠷᠭ᠎ᠠ ᠪᠠᠷᠢᠯ ᠤᠨ ᠲᠡᠤᠬᠡ ᠶᠢ ︽ᠠᠮᠢᠳᠤᠯᠢᠭᠵᠢᠭᠤᠯᠬᠤ︾ ᠢᠯᠡᠷᠡᠭᠦᠯᠦᠯᠲᠡ ᠶᠢ ᠣᠶᠢᠯᠠᠭᠠᠪᠠ᠃ ᠵᠢᠪᠦᠯᠲᠦ ᠠᠬᠤᠶ ᠪᠠᠶᠢᠳᠠᠯ ᠪᠠ ᠬᠠᠷᠢᠯᠴᠠᠨ ᠬᠥᠳᠡᠯᠦᠯᠴᠡᠬᠦ ᠮᠡᠷᠭᠡᠵᠢᠯ ᠢᠶᠠᠷ ᠳᠠᠮᠵᠢᠭᠤᠯᠤᠨ᠂ ᠴᠡᠴᠡᠷᠯᠢᠭ ᠨᠢ ᠴᠢᠨ ᠤᠯᠤᠰ ᠤᠨ ᠣᠷᠳᠣ ᠴᠠᠭᠠᠨ ᠬᠡᠷᠡᠮ ᠤᠨ ᠲᠡᠤᠬᠡ᠂ ᠴᠡᠷᠢᠭ ᠤᠨ ᠶᠠᠪᠤᠳᠠᠯ ᠤᠨ ᠴᠢᠳᠠᠮᠵᠢ ᠵᠡᠷᠭᠡ ᠶᠢ ᠰᠡᠷᠡᠵᠦ ᠮᠡᠳᠡᠬᠦ ᠰᠣᠶᠣᠯ ᠤᠨ ᠣᠶᠢᠯᠠᠭᠠᠯᠲᠠ ᠪᠣᠯᠭᠠᠨ ᠬᠤᠪᠢᠷᠠᠭᠤᠯᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠨᠢ ᠡᠷᠲᠡᠨ ᠤ ᠥᠪ ᠬᠦᠷᠦᠩᠭᠡ ᠶᠢ ︽ᠲᠣᠭᠲᠠᠩᠭᠤᠢ ᠬᠠᠳᠠᠭᠠᠯᠠᠬᠤ︾ ᠠᠴᠠ ︽ᠬᠥᠳᠡᠯᠦᠩᠭᠦᠢ ᠤᠯᠠᠮᠵᠢᠯᠠᠯ︾ ᠲᠡᠶᠢᠰᠢ ᠰᠢᠯᠵᠢᠵᠦ᠂ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠲᠤ ᠲᠡᠦᠬᠡ ᠶᠢ ᠣᠶᠢᠯᠠᠭᠠᠬᠤ ᠰᠢᠨ᠎ᠡ ᠴᠣᠩᠬᠤ ᠶᠢ ᠨᠡᠭᠡᠭᠡᠵᠦ ᠥᠭᠴᠡᠢ ᠭᠡᠵᠦ ᠨᠤᠳᠠᠯᠠᠪᠠ᠃    ᠮᠧᠩ ᠮᠠᠨ ᠤ ᠭᠦᠶᠡᠩ ᠪᠣᠯ ᠨᠢᠭᠡ ᠤᠳᠠᠭᠠᠨ ᠤ ᠲᠤᠬᠠᠶ ᠶᠢᠨ ᠲᠠᠯᠠᠪᠤᠷ ᠤᠨ ᠡᠷᠳᠡᠮ ᠰᠢᠨᠵᠢᠯᠡᠭᠡᠨ ᠤ ᠪᠠᠶᠢᠴᠠᠭᠠᠯᠲᠠ ᠪᠣᠯᠬᠤ ᠪᠥᠭᠡᠳ ᠨᠠᠩ ᠴᠤ ᠰᠣᠶᠣᠯ ᠤᠨ ᠳᠠᠮᠵᠢᠭᠤᠯᠭ᠎ᠠ ᠶᠢᠨ ᠦᠢᠯᠡᠳᠦᠯᠭᠡ ᠪᠣᠯᠤᠨ᠎ᠠ᠃ ᠲᠡᠭᠦᠨ ᠤ ᠰᠤᠷᠪᠤᠯᠵᠢᠯᠠᠬᠤ ᠠᠭᠤᠯᠭ᠎ᠠ ᠶᠢ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠥᠷᠭᠡᠨ ᠢᠶᠠᠷ ᠤᠯᠠᠮᠵᠢᠯᠠᠬᠤ ᠶᠢ ᠳᠠᠭᠠᠯᠳᠤᠨ᠂ ᠭᠦᠶᠡᠩ ᠤᠨ ᠰᠣᠶᠣᠯ ᠤᠨ ᠥᠪ ᠬᠥᠷᠥᠩᠭᠡ ᠶᠠᠭ ᠨᠠᠩ ᠪᠣᠰᠤᠭ᠎ᠠ ᠴᠣᠭᠴᠠᠲᠤ ᠳᠦᠷᠢ ᠪᠠᠶᠢᠳᠠᠯ ᠢᠶᠠᠷ ᠪᠥᠬᠦ ᠤᠯᠤᠰ ᠲᠤ ᠬᠠᠨᠳᠤᠭᠤᠯᠵᠤ᠂ ᠳᠤᠮᠳᠠᠳᠤ ᠤᠯᠤᠰ ᠤᠨ ᠥᠯᠢᠭᠡᠷ᠂ ︽ᠣᠯᠠᠨ ᠡᠰᠢᠲᠦ ᠨᠢᠭᠡ ᠴᠣᠭᠴᠠ︾ ᠶᠢᠨ ᠪᠣᠯᠪᠠᠰᠤᠨ ᠤ ᠪᠠᠶᠢᠷᠢᠰᠢᠯ ᠢ ᠲᠠᠶᠢᠯᠪᠤᠷᠢᠯᠠᠬᠤ ᠴᠢᠬᠤᠯᠠ ᠴᠣᠩᠬᠤ ᠪᠣᠯᠵᠣ ᠪᠠᠶᠢᠨ᠎ᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号