︽4.26 ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ︾ ᠤᠨ | ᠠᠵᠢᠯᠯᠠᠭ᠎ᠠ ᠳᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠶᠢᠴᠠᠭᠠᠬᠤ ᠬᠤᠷᠢᠶ᠎ᠡ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠣᠯᠠᠨ ᠨᠢᠭᠡᠴᠡ ᠲᠤᠰ ᠤᠳᠠᠭᠠᠨ ᠤ | ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠨᠠᠭᠠᠰᠢ ᠴᠠᠭᠠᠰᠢ | ᠶᠠᠪᠤᠵᠤ ᠪᠠᠶᠢᠭ᠎ᠠ ᠣᠯᠠᠨ ᠲᠦᠮᠡᠨ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ | ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠵᠦ᠂ ᠬᠠᠤᠯᠢ ᠴᠠᠭᠠᠵᠠ ᠶᠢᠨ ᠯᠠᠪᠯᠠᠭ᠎ᠠ ᠬᠠᠩᠭᠠᠵᠤ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ | ᠨᠢᠭᠤᠷᠲᠠᠨ ︽ᠬᠠᠤᠯᠢ ᠲᠦᠭᠡᠮᠡᠯᠵᠢᠭᠦᠯᠬᠦ︾ ᠠᠵᠢᠯ ᠢ ᠬᠢᠪᠠ᠃ | ᠣᠶᠢᠷ᠎ᠠ ᠶᠢᠨ ᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ | ᠬᠠᠯᠠᠮᠰᠢᠯ ᠬᠡᠷᠡᠭ ᠲᠠᠢ ᠤᠶᠠᠯᠳᠤᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠦᠭᠡ ᠬᠡᠯᠡ ᠪᠠᠷ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠮᠡᠳᠡᠯᠭᠡ ᠶᠢ ᠲᠠᠶᠢᠯᠪᠤᠷᠢᠯᠠᠬᠤ ᠲᠠᠢ | ᠤᠶᠠᠯᠳᠤᠭᠤᠯᠤᠨ᠂ ᠲᠠᠸᠠᠷ ᠤᠨ ᠲᠡᠮᠳᠡᠭ ᠢ ᠳᠠᠩᠰᠠᠯᠠᠬᠤ᠂ ᠡᠷᠬᠡ ᠳᠤ ᠬᠠᠯᠳᠠᠬᠤ ᠵᠡᠷᠭᠡ ᠤᠬᠠᠭᠳᠠᠬᠤᠨ ᠢ | ᠲᠦᠭᠡᠮᠡᠯᠵᠢᠭᠦᠯᠵᠦ᠂ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠮᠰᠠᠷ ᠢᠶᠠᠨ | ᠴᠢᠩᠭᠠᠳᠬᠠᠬᠤ ᠶᠢ ᠰᠠᠨᠠᠭᠤᠯᠪᠠ᠃ ᠲᠤᠬᠠᠢ ᠶᠢᠨ ᠲᠠᠯᠠᠪᠠᠢ ᠳᠤ 6 ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ | ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠦᠢᠯᠡᠳᠬᠦᠨ ᠢ 20 ᠭᠠᠷᠤᠢ ᠬᠤᠪᠢ ᠳᠡᠯᠭᠡᠨ ᠦᠵᠡᠭᠦᠯᠵᠦ᠂ | ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠢ ᠬᠤᠪᠢ ᠲᠠᠷᠬᠠᠭᠠᠪᠠ᠃ | ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠵᠤ᠂ | ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ᠂ | ᠡᠷᠬᠡ ᠲᠡᠭᠰᠢ ᠪᠠᠷ ᠥᠷᠢᠰᠥᠯᠳᠦᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠮᠠᠨ ᠤ | ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ | |