ᠠᠵᠢᠯ ᠣᠯᠭᠤᠯᠲᠠ᠂ ᠠᠵᠤ ᠠᠬᠤᠶᠢᠯᠠᠯ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ | ᠲᠣᠭᠲᠠᠪᠤᠷᠢᠵᠢᠭᠤᠯᠤᠨ᠎ᠠ | ᠲᠣᠰ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ︽ᠠᠵᠤ ᠠᠬᠤᠢ | ᠰᠠᠶᠢᠵᠢᠷᠠᠬᠤ ᠬᠠᠨᠳᠤᠰᠢ ᠲᠠᠢ ᠪᠣᠯᠵᠤ᠂ ᠨᠡᠶᠢᠭᠡᠮ ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ᠂ ᠴᠢᠨᠠᠷ | ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠶᠡᠭᠡ ᠪᠠᠶᠢᠳᠠᠯ ᠲᠣᠭᠲᠠᠭᠤᠨ ᠢᠶᠠᠨ ᠪᠠᠲᠤᠯᠠᠵᠤ | ᠪᠠᠶᠢᠨ᠎ᠠ︾ ᠭᠡᠰᠡᠨ ᠪᠥᠭᠡᠳ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ | ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶᠢᠵᠤ᠂ ᠭᠠᠳᠠᠨᠠᠬᠢ ᠳᠠᠭᠠᠷᠢᠯᠲᠠ ᠶᠢᠨ ᠨᠥᠯᠥᠭᠡ ᠨᠡᠮᠡᠭᠳᠡᠵᠦ | ᠪᠠᠶᠢᠨ᠎ᠠ ᠭᠡᠵᠡᠢ᠃ | ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠢᠮᠳᠠᠭᠤᠯᠤᠨ | ᠬᠡᠷᠡᠭᠵᠢᠭᠦᠯᠦᠨ᠎ᠡ | ᠬᠤᠷᠸ᠎ᠠ ᠲᠦᠷᠦ ᠶᠢᠨ ᠪᠣᠳᠣᠯᠭ᠎ᠠ ᠪᠣᠯ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠶᠢᠨ | ᠴᠢᠬᠤᠯᠠ ᠲᠦᠯᠬᠢᠴᠡ ᠬᠦᠴᠦᠨ ᠪᠣᠯᠣᠨ᠎ᠠ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ | ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠢ ᠭᠡᠵᠡᠢ᠃ | ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠦᠨ᠎ᠡ | ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ | ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ᠃ | ᠬᠤᠷᠠᠯᠳᠤᠭᠠᠨ ᠢᠶᠠᠷ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ | ᠴᠢᠩᠭᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ | ᠠᠬᠤᠶᠢᠯᠠᠯ ᠢ ᠬᠠᠪᠰᠤᠷᠤᠨ ᠲᠡᠳᠬᠦᠨ᠎ᠡ | ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ | ᠪᠠᠶᠢᠵᠤ᠂ ᠤᠯᠤᠰ ᠤᠨ ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠨᠡᠮᠡᠭᠳᠡᠭᠦᠯᠬᠦ ᠬᠥᠳᠡᠯᠭᠡᠭᠴᠢ ᠬᠦᠴᠦᠨ | ᠬᠦᠷᠦᠯᠴᠡᠬᠦ ᠦᠭᠡᠢ ᠪᠣᠯᠣᠭᠰᠠᠨ ᠢᠶᠠᠷ ᠬᠡᠰᠡᠭ ᠠᠵᠤ ᠠᠬᠤᠶᠢᠯᠠᠯ ᠤᠨ ᠡᠵᠡᠩᠨᠡᠯᠲᠡ ᠨᠢ ᠬᠦᠴᠢᠷᠳᠡᠯ ᠳᠤ ᠲᠤᠯᠭᠠᠷᠠᠵᠤ | ᠪᠠᠶᠢᠨ᠎ᠠ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ᠃ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ | ᠰᠢᠢᠳᠪᠦᠷᠢᠯᠡᠨ᠎ᠡ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠬᠤ ᠪᠣᠯ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠤᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠬᠤᠷᠠᠯᠳᠤᠭᠠᠨ ᠢᠶᠠᠷ ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠳᠤ ᠬᠤᠯᠪᠣᠭᠳᠠᠬᠤ | ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ | ᠭᠡᠵᠦ ᠱᠠᠭᠠᠷᠳᠠᠪᠠ᠃ | ᠭᠤᠣᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠦᠷᠭᠦᠯᠵᠢᠯᠡᠨ ᠬᠦᠴᠦᠯᠡᠨ ᠰᠡᠷᠭᠡᠶᠢᠯᠡᠵᠦ | ᠠᠷᠢᠯᠭᠠᠨ᠎ᠠ | ᠬᠤᠷᠠᠯᠳᠤᠭᠠᠨ ᠢᠶᠠᠷ ᠳᠤᠷᠠᠳᠬᠤ ᠳᠤ ᠪᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ | ᠰᠢᠨ᠎ᠡ ᠬᠡᠪ ᠵᠠᠭᠪᠤᠷ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠣᠷᠣᠨ ᠰᠠᠭᠤᠴᠠ ᠶᠢᠨ ᠬᠠᠩᠭᠠᠯᠭ᠎ᠠ ᠶᠢ | ᠨᠡᠮᠡᠭᠳᠡᠭᠦᠯᠦᠨ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ | ᠦᠷᠭᠦᠯᠵᠢᠯᠡᠨ ᠪᠠᠬᠢᠵᠢᠭᠦᠯᠦᠨ᠎ᠡ ᠭᠡᠵᠡᠢ᠃ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠤᠨ᠎ᠠ | ᠲᠦᠭ ᠲᠦᠮᠡᠨ ᠡᠵᠡᠩᠨᠡᠯᠲᠡ ᠶᠢᠨ ᠭᠤᠣᠯ ᠴᠣᠭᠴᠠ ᠪᠣᠯ ᠠᠵᠢᠯ ᠣᠯᠭᠤᠯᠲᠠ ᠶᠢᠨ ᠭᠤᠣᠯ ᠵᠢᠭᠰᠠᠭᠠᠯ ᠤᠨ | ᠭᠠᠵᠠᠷ ᠪᠣᠯᠣᠨ᠎ᠠ᠃ ᠣᠶᠢᠷ᠎ᠠ ᠶᠢᠨ ᠬᠤᠭᠤᠴᠠᠭᠠᠨ ᠳᠤ ᠠᠮᠧᠷᠢᠺᠠ ᠪᠣᠭᠤᠮᠲᠠ ᠶᠢᠨ ᠭᠠᠶᠢᠯᠢ ᠶᠢ ᠳᠤᠷ᠎ᠠ ᠪᠠᠷ | ᠲᠣᠬᠢᠷᠠᠭᠤᠯᠤᠭᠰᠠᠨ ᠠᠴᠠ ᠪᠣᠯᠵᠤ ᠵᠠᠷᠢᠮ ᠠᠵᠤ ᠠᠬᠤᠶᠢᠯᠠᠯ ᠢ ᠥᠷᠢᠰᠦᠯᠳᠦᠭᠡᠨ ᠳᠤ ᠤᠴᠠᠷᠠᠭᠤᠯᠵᠤ ᠪᠠᠶᠢᠨ᠎ᠠ᠃ | ᠬᠤᠷᠠᠯᠳᠤᠭᠠᠨ ᠢᠶᠠᠷ ᠳᠤᠷᠠᠳᠬᠤ ᠳᠤ ᠪᠠᠨ᠂ ︽ᠪᠣᠭᠤᠮᠲᠠ ᠶᠢᠨ ᠭᠠᠶᠢᠯᠢ ᠳᠤ ᠨᠡᠯᠢᠶᠡᠳ ᠶᠡᠭᠡ ᠨᠥᠯᠥᠭᠡᠯᠡᠭᠳᠡᠭᠰᠡᠨ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠷ ᠠᠵᠢᠯ ᠠᠯᠳᠠᠯᠲᠠ ᠶᠢᠨ ᠳᠠᠭᠠᠳᠬᠠᠯ ᠤᠨ | ᠰᠠᠭᠤᠷᠢ ᠮᠥᠩᠭᠦᠨ ᠤ ᠪᠤᠴᠠᠭᠠᠬᠤ ᠬᠠᠷᠢᠴᠠᠯ ᠢ ᠨᠢ ᠳᠡᠭᠡᠭᠰᠢᠯᠡᠭᠦᠯᠦᠨ᠎ᠡ︾ ᠭᠡᠵᠡᠢ᠃ | |