ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠲᠤᠭᠤᠰᠢᠯᠠᠭᠤᠯᠵᠤ᠂ ︽5.1︾ ᠤ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠦᠨᠡᠨ ᠬᠦ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ | ᠰᠡᠷᠭᠡᠶᠢᠯᠡᠨ ᠬᠤᠷᠢᠭᠯᠠᠬᠤ ᠶᠢᠨ ᠲᠥᠯᠥᠭᠡ ᠶᠤᠮ᠃ 4 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ | ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠥᠬᠦ ᠰᠢᠶᠠᠨ ᠤ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠣᠣᠶᠠᠩ ᠬᠤᠲᠠ ᠶᠢᠨ ᠪᠠᠶᠢᠲ᠋ᠠ | ᠲᠣᠭᠤᠷᠢᠭ ᠤᠨ ᠰᠠᠨ ᠯᠢ ᠵᠤᠸᠠᠩ ᠳᠠᠬᠢ ᠭᠠᠯ ᠤᠨ ᠭᠠᠮᠰᠢᠭ ᠤᠨ ᠠᠳᠡᠯ ᠤᠨ ᠲᠤᠬᠠᠢ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ | ᠠᠳᠡᠯ ᠤᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠢᠩᠬᠢᠮ ᠤᠨ ᠬᠠᠤᠯᠢ ᠬᠡᠷᠡᠭᠵᠢᠭᠦᠯᠬᠦ ᠠᠵᠢᠯᠳᠠᠨ ᠤ ᠮᠠᠨ ᠤ ᠰᠢᠶᠠᠨ ᠤ ᠠᠵᠤ ᠠᠬᠤᠶᠢᠯᠠᠯ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠠᠮᠤᠷ | ᠲᠦᠪᠰᠢᠨ ᠤ ᠲᠦᠭᠰᠢᠭᠦᠷᠢ ᠶᠢᠨ ᠴᠡᠭ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ᠂ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠣᠷᠣᠭᠤᠯᠵᠤ᠂ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠢ ᠦᠨᠡᠨᠬᠦ ᠠᠳᠬᠤᠵᠤ᠂ ᠦᠨᠡᠨᠬᠦ ᠬᠠᠮᠢᠶᠠᠷᠴᠤ᠂ ᠴᠢᠩᠭ᠎ᠠ ᠬᠠᠮᠢᠶᠠᠷᠴᠤ᠂ ᠪᠦᠲᠦᠮᠵᠢᠲᠡᠢ | ᠲᠦᠷᠢᠮ ᠤᠨ ᠬᠢᠵᠠᠭᠠᠷᠯᠠᠯ ᠢᠶᠠᠷ ᠳᠠᠮᠵᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ | ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠠᠰᠠᠭᠤᠳᠠᠯ ᠢ ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠬᠦ | ᠬᠡᠷᠡᠭᠲᠡᠢ᠃ ᠬᠥᠭᠵᠢᠯᠲᠡ ᠪᠣᠯ ᠬᠠᠲᠠᠭᠤ ᠶᠣᠰᠣ᠂ ᠠᠮᠤᠷ ᠲᠦᠪᠰᠢᠨ ᠪᠣᠯ ᠨᠡᠩ ᠬᠠᠲᠠᠭᠤ ᠶᠣᠰᠣ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ | ᠴᠥᠬᠦᠷᠡᠰᠢ ᠦᠭᠡᠢ ᠠᠳᠬᠤᠵᠤ᠂ ᠢᠯᠠᠩᠭᠤᠶ᠎ᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ | ᠡᠷᠬᠡᠪᠰᠢ ᠭᠦᠢᠴᠡᠳ ᠴᠢᠬᠤᠯᠠᠴᠢᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ | ᠲᠡᠪᠴᠢᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠠᠷᠠᠳ | ᠲᠦᠮᠡᠨ ᠪᠣᠯᠤᠨ ᠭᠠᠳᠠᠨ᠎ᠠ ᠠᠴᠠ ᠢᠷᠡᠭᠰᠡᠨ ᠵᠤᠭᠠᠴᠠᠭᠰᠠᠳ ᠤᠨ ᠠᠮᠤᠷ ᠠᠮᠤᠭᠤᠯᠠᠩ ᠡᠶ᠎ᠡ ᠨᠠᠶᠢᠷᠠᠮᠳᠠᠭᠤ ᠪᠠᠷ ᠲᠠᠪᠤᠨ | ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢᠶᠠᠨ ᠤ ᠤᠳᠤᠷᠢᠳᠤᠯᠭ᠎ᠠ ᠸᠠᠩ ᠬᠤᠤ᠂ ᠯᠢ ᠷᠦᠢ᠂ ᠭᠤᠸᠠᠨ ᠲᠤᠤ᠂ ᠵᠤᠤ ᠵᠢᠶᠠᠨ ᠵᠢᠶᠦ᠋ᠨ ᠵᠢᠴᠢ | ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ | ᠬᠤᠷᠠᠯ ᠳᠤ ᠣᠷᠣᠯᠴᠠᠪᠠ᠃ |