ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤᠴᠤᠳ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠰᠢᠶᠠ ᠱᠢ ᠬᠤᠤ ᠪᠠᠯᠭᠠᠰᠤᠨ ᠤ ᠡᠪᠯᠡᠯ ᠤᠨ ᠬᠤᠷᠢᠶ᠎ᠡ ᠭᠦᠶᠡᠩ ᠰᠢᠶᠠᠨ ᠤ | ᠠᠨᠳᠠ ᠲᠠᠢ ᠬᠠᠮᠲᠤᠷᠠᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠣᠨᠴᠠᠭᠠᠢ ᠠᠵᠢᠯᠯᠠᠭ᠎ᠠ | ᠥᠷᠨᠢᠭᠦᠯᠵᠦ᠂ ᠵᠠᠯᠠᠭᠤᠴᠤᠳ ᠢ ᠳᠠᠭᠠᠭᠤᠯᠤᠨ ᠤᠳᠬ᠎ᠠ ᠠᠭᠤᠯᠭ᠎ᠠ ᠪᠠᠷ ᠪᠢᠯᠬᠠᠭᠰᠠᠨ ︽ᠠᠵᠢᠯ ᠮᠡᠷᠭᠡᠵᠢᠯ ᠤᠨ | ᠥᠩᠭᠡᠷᠡᠯᠲᠡ ᠶᠢᠨ ᠠᠶᠠᠯᠠᠯ︾ ᠢ ᠡᠬᠢᠯᠡᠭᠦᠯᠪᠡ᠃ | ᠨᠢᠭᠤᠴᠠ ᠪᠠᠷ ᠠᠪᠤᠷᠠᠨ ᠲᠤᠰᠠᠯᠠᠬᠤ ᠵᠢᠭᠰᠠᠭᠠᠯ ᠤᠨ ᠭᠠᠵᠠᠷ ᠲᠤ ᠡᠭᠦᠷᠭᠡ ᠬᠠᠷᠢᠭᠤᠴᠠᠯᠭ᠎ᠠ ᠶᠢ ᠮᠡᠳᠡᠷᠡᠵᠦ | ᠪᠠᠶᠢᠨ᠎ᠠ | ᠠᠵᠢᠯᠯᠠᠭ᠎ᠠ ᠡᠬᠢᠯᠡᠮᠡᠭᠴᠡ ᠵᠠᠯᠠᠭᠤᠴᠤᠳ ᠠᠨᠳᠠ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ ᠲᠤ ᠬᠦᠷᠪᠡ᠃ | ᠠᠪᠤᠷᠠᠨ ᠲᠤᠰᠠᠯᠠᠬᠤ ᠭᠡᠰᠢᠭᠦᠳ ᠤᠨ ᠵᠢᠯᠣᠭᠤᠳᠣᠯᠭ᠎ᠠ ᠳᠣᠣᠷ᠎ᠠ᠂ ᠣᠯᠠᠨ ᠢᠶᠠᠷ ᠢᠶᠠᠨ ᠡᠯ᠎ᠡ ᠲᠥᠷᠥᠯ ᠤᠨ | ᠲᠡᠷᠢᠭᠦᠨ ᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠬᠠᠳᠠᠭᠠᠯᠠᠬᠤ ᠣᠷᠣᠨ ᠢ ᠲᠣᠭᠤᠷᠢᠨ ᠦᠵᠡᠵᠦ᠂ ᠲᠣᠨᠤᠭ | ᠲᠥᠬᠦᠭᠡᠷᠦᠮᠵᠢ ᠨᠢᠭᠡᠪᠦᠷᠢ ᠴᠥᠮ ᠠᠪᠤᠷᠠᠨ ᠲᠤᠰᠠᠯᠠᠬᠤ ᠡᠭᠦᠷᠭᠡ ᠶᠢ ᠠᠴᠢᠶᠠᠯᠠᠵᠤ ᠪᠠᠶᠢᠨ᠎ᠠ᠃ ᠬᠤᠷᠠᠯ ᠤᠨ ᠭᠡᠷ ᠲᠤ᠂ | ᠠᠨᠳᠠ ᠠᠪᠤᠷᠠᠨ ᠲᠤᠰᠠᠯᠠᠬᠤ ᠬᠠᠷᠢᠭᠤᠴᠠᠯᠭᠠᠲᠠᠨ ᠠᠮᠢᠳᠤᠯᠢᠭ ᠰᠠᠶᠢᠬᠠᠨ ᠸᠢᠳᠢᠣ᠋ ᠪᠠᠷ ᠳᠠᠮᠵᠢᠨ᠂ ᠠᠪᠤᠷᠠᠨ ᠲᠤᠰᠠᠯᠠᠬᠤ | ᠡᠩᠨᠡᠭᠡ ᠶᠢᠨ ᠡᠳᠦᠷ ᠲᠤᠲᠤᠮ ᠤᠨ ᠠᠵᠢᠯ ᠤᠨ ᠶᠠᠪᠤᠴᠠ ᠶᠢ ᠶᠠᠷᠢᠵᠠᠢ᠃ ᠪᠠᠶᠢᠭᠤᠯᠤᠭᠳᠠᠭᠰᠠᠨ ᠡᠬᠢᠨ ᠤ ᠦᠶ᠎ᠡ ᠶᠢᠨ | ᠰᠢᠷᠭᠠᠭᠤ ᠬᠠᠲᠠᠭᠤᠵᠢᠯᠲᠠᠢ ᠪᠠᠷ ᠬᠠᠶᠢᠨ ᠰᠦᠪᠡᠭᠴᠢᠯᠡᠬᠦ ᠠᠴᠠ ᠨᠢᠭᠡ ᠤᠳᠠᠭᠠᠨ ᠤ ᠴᠢᠬᠤᠯᠠ ᠶᠡᠭᠡ ᠠᠪᠤᠷᠠᠨ | ᠲᠤᠰᠠᠯᠠᠬᠤ ᠠᠵᠢᠯᠯᠠᠭ᠎ᠠ ᠶᠢᠨ ᠳᠤᠮᠳᠠᠬᠢ ᠪᠠᠭᠠᠲᠤᠷᠯᠢᠭ ᠢᠯᠡᠷᠡᠯ ᠬᠦᠷᠲᠡᠯ᠎ᠡ᠂ ᠦᠨᠡᠨ ᠪᠣᠳᠠᠲᠠᠢ ᠬᠡᠷᠡᠭ ᠤᠨ | ᠵᠢᠱᠢᠶ᠎ᠡ ᠨᠦᠭᠦᠳ ᠲᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠬᠠᠷᠠᠮ ᠦᠭᠡᠢ ᠵᠣᠷᠢᠭᠤᠯᠬᠤ᠂ ᠠᠶᠤᠯ | ᠲᠦᠭᠰᠢᠭᠦᠷᠢ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠤᠭᠰᠠᠨ ᠪᠥᠭᠡᠳ ᠪᠠᠰᠠ ᠡᠨᠡ ᠬᠦ | ᠡᠩᠨᠡᠭᠡᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠣᠯᠤᠨ ᠪᠦᠯᠬᠦᠮ ᠨᠡᠶᠢᠲᠡ ᠶᠢᠨ ᠬᠠᠮᠵᠢᠯᠴᠠᠬᠤ | ᠲᠣᠭᠲᠠᠴᠠ ᠶᠢᠨ ᠲᠤᠬᠠᠢ ᠲᠣᠳᠣᠷᠬᠠᠢ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃ | ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠡᠳ᠋ ᠭᠦᠷᠦᠩᠭᠡ ᠶᠢᠨ ᠠᠮᠤᠷ | ᠲᠦᠪᠰᠢᠨ ᠢ ᠬᠠᠮᠠᠭᠠᠯᠠᠬᠤ ᠬᠡᠷᠡᠭᠲᠡᠢ | ᠵᠠᠯᠭᠠᠭᠠᠳ ᠮᠡᠬᠡᠯᠡᠯ ᠢ ᠡᠰᠡᠷᠭᠦᠴᠡᠬᠦ ᠮᠡᠳᠡᠯᠭᠡ ᠶᠢᠨ ᠲᠠᠶᠢᠯᠤᠮᠵᠢ ᠬᠤᠷᠠᠯ ᠤᠨ ᠲᠥᠪ ᠲᠤ ᠵᠢᠩᠬᠢᠨᠢ ᠪᠠᠷ ᠡᠬᠢᠯᠡᠪᠡ | ᠃ ᠠᠨᠳᠠ ᠠᠪᠤᠷᠠᠨ ᠲᠤᠰᠠᠯᠠᠬᠤ ᠬᠠᠷᠢᠭᠤᠴᠠᠯᠭᠠᠲᠠᠨ ᠲᠤᠰ ᠭᠠᠵᠠᠷ ᠤᠨ ᠣᠶᠢᠷ᠎ᠠ ᠶᠢᠨ ᠬᠤᠭᠤᠴᠠᠭᠠᠨ ᠳᠤ ᠡᠯ᠎ᠡ | ᠲᠥᠷᠥᠯ ᠤᠨ ᠬᠥᠮᠦᠰ ᠲᠤ ᠬᠠᠨᠳᠤᠭᠤᠯᠤᠭᠰᠠᠨ ᠨᠡᠶᠢᠲᠡᠯᠢᠭ ᠮᠡᠬᠡᠯᠡᠯ ᠤᠨ ᠬᠡᠷᠡᠭ ᠤᠨ ᠵᠢᠱᠢᠶ᠎ᠡ᠂ ᠵᠢᠱᠢᠶᠡᠯᠡᠪᠡᠯ | ᠰᠦᠯᠵᠢᠶᠡᠨ ᠤ ᠬᠠᠭᠤᠳᠠᠰᠤ ᠵᠠᠷᠤᠬᠤ᠂ ᠨᠠᠰᠤᠲᠠᠶᠢᠴᠤᠳ ᠤᠨ ᠡᠷᠡᠭᠦᠯᠵᠢᠯ ᠤᠨ ᠡᠳ᠋ ᠤᠨ ᠮᠡᠬᠡᠯᠡᠬᠦ᠂ ᠰᠦᠯᠵᠢᠶᠡᠨ ᠤ | ᠭᠠᠭ᠋ᠠᠢ ᠶᠢᠨ ᠨᠢᠲᠤᠯᠬᠤ ᠫᠢᠯᠠ ᠵᠡᠷᠭᠡ ᠲᠠᠢ ᠤᠶᠠᠯᠳᠤᠭᠤᠯᠤᠨ᠂ ᠰᠢᠷᠬᠡᠭ ᠢᠶᠠᠨ ᠰᠤᠭᠤᠯᠵᠤ ᠬᠦᠷᠢ ᠶᠢᠨ ᠡᠭᠦᠷ ᠢᠶᠠᠨ | ᠱᠠᠭᠠᠯᠵᠤ ᠬᠢᠬᠠᠨ ᠮᠡᠬᠡᠯᠡᠭᠴᠢ ᠡᠲᠡᠭᠡᠳ ᠤᠨ ᠬᠡᠷᠡᠭ ᠬᠢᠬᠦ ᠠᠷᠭ᠎ᠠ ᠪᠠ ᠰᠡᠳᠬᠢᠴᠡ ᠶᠢᠨ ᠤᠨᠠᠭᠤᠯᠢ ᠵᠡᠷᠭᠡ ᠶᠢ ᠵᠠᠳᠠᠯᠤᠨ | ᠰᠢᠨᠵᠢᠯᠡᠪᠡ᠃ ᠡᠭᠦᠨ ᠤ ᠬᠠᠮᠲᠤ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠮᠡᠳᠡᠭᠡ ᠵᠠᠩᠭᠢ ᠶᠢ ᠢᠯᠭᠠᠨ ᠲᠠᠨᠢᠬᠤ | ᠭᠤᠣᠯᠳᠠᠯᠭ᠎ᠠ ᠶᠢ ᠣᠯᠠᠨ ᠳᠤ ᠬᠤᠪᠢᠶᠠᠯᠴᠠᠵᠤ᠂ ᠰᠡᠵᠢᠭᠯᠡᠯᠲᠡᠢ ᠤᠲᠠᠰᠤ᠂ ᠣᠬᠤᠷ ᠮᠡᠳᠡᠭᠡ᠂ ᠰᠦᠯᠵᠢᠶᠡᠨ ᠤ | ᠴᠥᠷᠬᠡᠯᠡᠭᠡ ᠵᠡᠷᠭᠡ ᠣᠨᠴᠠᠯᠢᠭ ᠰᠢᠨᠵᠢ ᠶᠢ ᠬᠤᠪᠢᠶᠠᠯᠴᠠᠵᠤ᠂ ᠵᠠᠯᠠᠭᠤᠴᠤᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠢ | ᠴᠢᠩᠭᠠᠳᠬᠠᠵᠤ᠂ ᠮᠡᠬᠡᠯᠡᠯ ᠢ ᠮᠡᠳᠡᠷᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ᠃ | ᠲᠦᠷᠭᠡᠨ ᠠᠪᠤᠷᠠᠯᠲᠠ ᠶᠢᠨ ᠮᠡᠷᠭᠡᠵᠢᠯ ᠢ ᠡᠵᠡᠮᠰᠢᠵᠦ᠂ ᠠᠮᠢ ᠨᠠᠰᠤ ᠶᠢ ᠬᠠᠮᠠᠭᠠᠯᠠᠬᠤ ᠭᠡᠷᠡᠯ ᠭᠢᠯᠪᠠᠭ᠎ᠠ ᠪᠠᠨ | ᠰᠠᠬᠢᠨ᠎ᠠ | ᠠᠨᠳᠠ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ ︽ᠣᠨᠣᠯ ᠤᠨ ᠨᠠᠷᠢᠯᠢᠭ ᠪᠣᠳᠠᠲᠠᠢ ᠪᠣᠯᠪᠠᠰᠤᠷᠠᠯ ᠤᠨ | ᠵᠢᠱᠢᠶ᠎ᠡ ᠦᠵᠡᠭᠦᠯᠵᠦ ᠰᠤᠳᠤᠯᠤᠨ ᠶᠠᠷᠢᠯᠴᠠᠬᠤ︾ ᠣᠯᠠᠨ ᠡᠰᠢᠵᠢᠭᠰᠡᠨ ᠵᠢᠭᠠᠨ ᠰᠤᠷᠭᠠᠯᠲᠠ ᠶᠢᠨ ᠵᠠᠭᠪᠤᠷ ᠲᠠᠢ | ᠤᠶᠠᠯᠳᠤᠭᠤᠯᠤᠨ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠤᠷ᠎ᠠ ᠴᠢᠳᠠᠪᠤᠷᠢ ᠶᠢ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠪᠤᠷᠢᠯᠠᠵᠤ᠂ ᠳᠠᠭᠤᠷᠢᠶᠠᠮᠠᠯ ᠬᠥᠮᠦᠨ ᠤ ᠪᠡᠶ᠎ᠡ ᠶᠢᠨ ᠵᠠᠭᠪᠤᠷ ᠢ ᠠᠰᠢᠭᠯᠠᠨ ᠪᠣᠳᠠᠲᠠᠢ | ᠪᠣᠯᠪᠠᠰᠤᠷᠠᠯ ᠤᠨ ᠵᠢᠱᠢᠶ᠎ᠡ ᠦᠵᠡᠭᠦᠯᠵᠦ᠂ ᠴᠡᠭᠡᠵᠢᠨ ᠭᠠᠳᠠᠨᠠᠬᠢ ᠳᠠᠷᠤᠯᠲᠠ ᠬᠦᠯᠢᠶᠡᠬᠦ ᠣᠷᠣᠨ ᠪᠠᠶᠢᠷᠢ᠂ ᠭᠦᠨᠴᠡ᠂ | ᠳᠠᠪᠲᠠᠮᠵᠢ᠂ ᠬᠥᠮᠦᠨ ᠤ ᠬᠦᠴᠦ ᠪᠠᠷ ᠠᠮᠢᠰᠬᠤᠬᠤ ᠠᠷᠭ᠎ᠠ ᠪᠠ ᠠᠩᠬᠠᠷᠬᠤ ᠵᠦᠢᠯᠡᠰ ᠵᠡᠷᠭᠡ ᠶᠢ ᠨᠠᠷᠢᠨ ᠲᠣᠳᠣᠷᠬᠠᠢ | ᠳᠡᠯᠭᠡᠨ ᠦᠵᠡᠭᠦᠯᠪᠡ᠃ ᠵᠠᠯᠠᠭᠤᠴᠤᠳ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠳᠤᠭᠤᠶᠢᠯᠠᠩ ᠬᠤᠪᠢᠶᠠᠨ ᠪᠣᠳᠠᠲᠠᠢ | ᠪᠣᠯᠪᠠᠰᠤᠷᠠᠯ ᠬᠢᠵᠦ᠂ ᠲᠤᠬᠠᠢ ᠶᠢᠨ ᠲᠠᠯᠠᠪᠠᠢ ᠶᠢᠨ ᠪᠠᠴᠢᠮ ᠠᠪᠤᠷᠠᠨ ᠲᠤᠰᠠᠯᠠᠵᠤ ᠰᠢᠢᠳᠪᠦᠷᠢᠯᠡᠬᠦ ᠠᠷᠭ᠎ᠠ ᠶᠢ ᠦᠨᠡᠨᠬᠦ | ᠲᠠᠷᠢᠬᠢᠨ ᠳᠤ ᠬᠠᠳᠠᠩᠰᠢᠭᠤᠯᠵᠤ᠂ ᠪᠠᠴᠢᠮ ᠡᠪᠡᠳᠴᠢᠲᠡᠨ ᠢ ᠠᠪᠤᠷᠠᠨ ᠲᠤᠰᠠᠯᠠᠬᠤ ᠴᠠᠭ ᠲᠤ ᠰᠠᠶᠢᠨ ᠰᠠᠶᠢᠬᠠᠨ | ᠲᠦᠷᠭᠡᠨ ᠠᠪᠤᠷᠠᠬᠤ ᠰᠠᠭᠤᠷᠢ ᠶᠢ ᠲᠠᠯᠪᠢᠵᠠᠢ᠃ | ᠬᠥᠭᠵᠢᠯ ᠪᠠᠳᠠᠷᠠᠯ ᠤᠨ ᠴᠠᠭ ᠮᠥᠴᠡ ᠶᠢ ᠲᠠᠯᠠᠭᠠᠷ ᠨᠥᠭᠴᠢᠭᠡᠬᠦ ᠦᠭᠡᠢ ᠦᠶ᠎ᠡ᠂ ᠨᠠᠰᠤᠨ ᠲᠤᠷᠰᠢᠳᠠ ᠲᠡᠮᠡᠴᠡᠬᠦ | ᠴᠠᠭ ᠦᠶ᠎ᠡ ᠮᠥᠨ᠃ ᠲᠤᠰ ᠤᠳᠠᠭᠠᠨ ᠤ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠣᠨᠴᠠᠭᠠᠢ | ᠠᠵᠢᠯᠯᠠᠭ᠎ᠠ ᠨᠢ ᠵᠠᠯᠠᠭᠤᠴᠤᠳ ᠤᠨ ᠭᠡᠨᠡᠳᠲᠡ ᠶᠢᠨ ᠠᠮᠤᠷ ᠲᠦᠪᠰᠢᠨ ᠤ ᠬᠡᠷᠡᠭ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠶᠢ ᠬᠥᠭᠵᠢᠭᠡᠵᠦ᠂ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ | ᠡᠭᠦᠷᠭᠡᠯᠡᠪᠡ᠃ ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤᠨ ᠤ ᠡᠪᠯᠡᠯ ᠤᠨ ᠬᠤᠷᠢᠶ᠎ᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠪᠠᠷ ᠠᠵᠢᠯᠯᠠᠭᠠᠨ ᠤ ᠵᠦᠭᠯᠡᠭᠦᠷ ᠪᠣᠯᠭᠠᠵᠤ᠂ | ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠰᠢᠨ᠎ᠡ ᠴᠠᠭ ᠦᠶ᠎ᠡ ᠶᠢᠨ ︽ᠬᠤᠰᠢᠭᠤᠴᠢ ᠠᠩᠭᠢ︾ | ᠪᠣᠯᠵᠤ᠂ ᠰᠢᠨ᠎ᠡ ᠴᠠᠭ ᠦᠶ᠎ᠡ ᠶᠢᠨ ᠠᠵᠢᠯᠯᠠᠭᠠᠨ ᠤ ᠬᠥᠳᠡᠯᠭᠡᠬᠦ ᠬᠦᠴᠦᠨ ᠲᠠᠢ ᠵᠢᠳᠬᠦᠯ ᠴᠢᠷᠮᠠᠶᠢᠯᠭ᠎ᠠ ᠲᠠᠢ | ᠵᠠᠯᠠᠭᠤᠴᠤᠳ ᠪᠣᠯᠬᠤ ᠪᠣᠯᠤᠨ᠎ᠠ᠃ | |