ᠡᠨᠡ ᠬᠦ ᠬᠥᠳᠡᠯᠮᠦᠷᠢᠴᠢᠳ ᠤᠨ ᠪᠠᠶᠠᠷ ᠤᠨ ᠡᠳᠦᠷ ᠲᠤ᠂ ᠡᠬᠡ ᠭᠠᠵᠠᠷ ᠤᠨ ᠪᠤᠭᠤᠳᠠᠢ ᠪᠣᠯᠤᠨ ᠠᠷᠠᠭᠠᠲᠤ | ᠬᠦᠷᠳᠦ ᠲᠠᠢ ᠬᠠᠮᠲᠤ ᠪᠠᠷ ᠲᠡᠮᠡᠴᠡᠯ ᠤᠨ ᠮᠠᠭᠲᠠᠭᠠᠯ ᠳᠠᠭᠤᠤ ᠶᠢ ᠬᠥᠭᠵᠢᠮᠳᠡᠪᠡ᠃ ᠲᠡᠳᠡ ᠪᠣᠯ ᠦᠨᠳᠦᠰᠦᠨ | ᠱᠠᠲᠤᠨ ᠳᠤ ᠰᠠᠭᠤᠷᠢᠰᠢᠭᠰᠠᠨ ᠬᠡᠳᠦᠨ ᠠᠷᠪᠠᠨ ᠵᠢᠯ ᠦᠷᠭᠦᠯᠵᠢᠯᠡᠭᠰᠡᠨ ︽ᠳ᠋ᠧᠩ ᠠᠰᠠᠭᠠᠭᠴᠢ︾ ᠮᠥᠨ᠂ | ᠦᠢᠯᠡᠳᠪᠦᠷᠢ ᠶᠢᠨ ᠲᠠᠰᠤᠭ ᠲᠤ ᠨᠠᠷᠢᠯᠢᠭ ᠪᠣᠯᠪᠠᠰᠤᠷᠠᠭᠰᠠᠨ ︽ᠤᠷᠠᠴᠤᠳ︾ ᠮᠥᠨ᠂ ᠴᠡᠷᠢᠭ ᠠᠴᠠ ᠬᠠᠯᠠᠭᠳᠠᠭᠰᠠᠨ | ᠴᠤ ᠥᠩᠭᠡ ᠪᠠᠭᠤᠷᠠᠬᠤ ᠦᠭᠡᠢ᠂ ᠬᠤᠶᠠᠳᠤᠭᠠᠷ ᠳᠠᠶᠢᠨ ᠤ ᠲᠠᠯᠠᠪᠤᠷ ᠲᠤ ᠦᠷᠭᠦᠯᠵᠢᠯᠡᠨ ᠦᠨᠡᠨᠴᠢ ᠰᠢᠳᠤᠷᠭᠤ ︽ | ᠲᠠᠭᠠᠭᠤᠯᠤᠭᠴᠢ︾ ᠮᠥᠨ᠃ | ᠭᠦᠶᠡᠩ ᠰᠢᠶᠠᠨ ᠤ ᠬᠠᠮ ᠵᠠᠭᠤᠴᠢᠯᠠᠭᠤᠷ ᠤᠨ ᠲᠥᠪ ︽ᠤᠷᠠᠨ ᠳᠠᠷᠬᠠᠨ ᠤ ᠬᠦᠰᠡᠯ ᠵᠡᠭᠦᠳᠦ ᠪᠠᠨ | ᠲᠡᠷᠭᠡᠯᠰᠢᠭᠦᠯᠬᠦ᠂ ᠬᠥᠳᠡᠯᠮᠦᠷᠢ ᠶᠢᠨ ᠵᠢᠱᠢᠶᠡᠴᠢ ᠶᠢᠨ ᠴᠤᠭ ᠵᠢᠪᠬᠤᠭ᠎ᠠ︾ ᠲᠤᠰᠬᠠᠢ ᠪᠤᠯᠤᠩ ᠭᠠᠷᠭᠠᠵᠤ᠂ ᠪᠢᠷ | ᠪᠡᠬᠡᠰ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ | ᠠᠵᠢᠯᠲᠠᠨ ᠤ ᠡᠳᠦᠷ ᠲᠤᠲᠤᠮ ᠤᠨ ᠠᠵᠢᠯ ᠳᠤ ᠣᠷᠣᠪᠠ᠃ ᠪᠢᠳᠡ ᠲᠡᠳᠡᠭᠡᠷ ᠬᠥᠯᠥᠰᠥᠨ ᠳᠤ ᠳᠡᠪᠲᠦᠭᠡᠭᠰᠡᠨ | ᠭᠠᠪᠢᠶᠠᠨ ᠲᠡᠮᠳᠡᠭ ᠬᠡᠷᠬᠢᠨ ᠡᠭᠡᠯ ᠵᠢᠷ ᠤᠨ ᠠᠵᠢᠯ ᠤᠨ ᠪᠠᠶᠢᠷᠢ ᠪᠠᠨ ᠭᠡᠷᠡᠯᠲᠦᠭᠦᠯᠬᠦ ᠶᠢ ᠭᠡᠷᠡᠴᠢᠯᠡᠵᠦ᠂ ᠬᠠᠲᠤᠨ | ᠭᠤᠣᠯ ᠤᠨ ᠲᠣᠬᠤᠢ ᠶᠢᠨ ᠲᠡᠳᠡᠭᠡᠷ ᠰᠢᠨ᠎ᠡ ᠶᠢ ᠡᠭᠦᠳᠦᠭᠰᠡᠨ ᠦᠯᠢᠭᠡᠷ ᠢ ᠰᠣᠨᠣᠰᠪᠠ᠃ | ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ᠄ ᠴᠧᠨ ᠹᠦ᠋ ᠴᠢᠶᠠᠩ | ᠨᠢᠭᠡ ᠪᠡᠶ᠎ᠡ ᠥᠩᠭᠡᠲᠦ ᠬᠤᠪᠴᠠᠰᠤ ᠡᠮᠦᠰᠴᠦ᠂ ᠨᠢᠷᠤᠭᠤ ᠪᠠᠨ ᠲᠡᠨᠢᠢᠯᠭᠡᠨ᠂ ᠨᠢᠳᠦ ᠨᠢ ᠪᠠᠮᠪᠠᠷ ᠮᠡᠲᠦ᠂ | ᠳᠠᠭᠤ ᠨᠢ ᠬᠦᠩᠭᠢᠨᠡᠮ᠎ᠡ᠂ ᠠᠵᠢᠯ ᠬᠢᠬᠦ ᠨᠢ ᠪᠤᠯᠪᠠᠰᠤᠷᠠᠩᠭᠤᠢ᠂ ᠲᠡᠷᠡ ᠪᠣᠯ ᠭᠦᠶᠡᠩ ᠰᠢᠶᠠᠨ ᠤ ᠡᠩ ᠤᠨ ᠺᠠᠳ᠋ᠷ᠂ | ᠴᠡᠷᠢᠭ ᠠᠴᠠ ᠬᠠᠯᠠᠭᠳᠠᠭᠰᠠᠳ ᠴᠧᠨ ᠹᠦ᠋ ᠴᠢᠶᠠᠩ ᠪᠣᠯᠤᠨ᠎ᠠ᠃ 1985 ᠣᠨ ᠤ 10 ᠰᠠᠷ᠎ᠠ ᠳᠤ ᠲᠥᠷᠥᠵᠡᠢ᠂ | 2004 ᠣᠨ ᠤ 12 ᠰᠠᠷ᠎ᠠ ᠳᠤ ᠴᠡᠷᠢᠭ ᠲᠤ ᠣᠷᠣᠵᠤ᠂ 2017 ᠣᠨ ᠤ 7 ᠰᠠᠷ᠎ᠠ ᠳᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ ᠪᠥᠭᠡᠳ ᠰᠢᠶᠠᠨ ᠤ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠥᠭᠡᠳ ᠭᠦᠶᠡᠩ ᠰᠢᠶᠠᠨ ᠤ | ᠠᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ᠎ᠠ᠃ | ᠴᠡᠷᠢᠭ ᠤᠨ ᠬᠤᠸᠠᠷᠠᠨ ᠳᠤ᠂ ᠲᠡᠷᠡ ᠪᠣᠯ ᠰᠢᠯᠢᠳᠡᠭ ᠴᠡᠷᠢᠭ︔ ᠣᠷᠣᠨ ᠨᠤᠲᠤᠭ ᠲᠤ ᠣᠴᠢᠬᠤ ᠳᠤ᠂ ᠲᠡᠷᠡ | ᠪᠣᠯ ᠤᠳᠤᠷᠢᠳᠤᠯᠭ᠎ᠠ ᠶᠢᠨ ᠰᠠᠨᠠᠭ᠎ᠠ ᠠᠮᠤᠷ ᠪᠠᠶᠢᠳᠠᠭ ᠰᠢᠯᠢᠳᠡᠭ ᠺᠠᠳ᠋ᠷ᠃ ᠠᠯᠪᠠ ᠬᠠᠭᠠᠵᠤ ᠪᠠᠶᠢᠬᠤ | ᠬᠤᠭᠤᠴᠠᠭᠠᠨ ᠳᠠᠭᠠᠨ ᠲᠡᠷᠡ ᠤᠷᠢᠳ ᠬᠤᠵᠢᠳ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ 4᠂ ᠬᠠᠮᠲᠤ | ᠨᠡᠶᠢᠲᠡ ᠶᠢᠨ ᠭᠤᠷᠪᠠᠳᠤᠭᠠᠷ ᠳᠡᠰ ᠤᠨ ᠭᠠᠪᠢᠶ᠎ᠠ 5 ᠤᠳᠠᠭ᠎ᠠ ᠪᠠᠶᠢᠭᠤᠯᠵᠤ᠂ ᠳᠤᠮᠳᠠᠳᠤ ᠤᠯᠤᠰ ᠤᠨ ᠠᠷᠠᠳ ᠤᠨ | ᠴᠢᠯᠥᠭᠡᠯᠡᠬᠦ ᠴᠡᠷᠢᠭ ᠤᠨ ︽ᠪᠠᠭ᠎ᠠ ᠣᠹᠢᠼᠧᠷ ᠤᠨ ᠰᠢᠯᠢᠳᠡᠭ ᠴᠢᠳᠠᠪᠤᠷᠢᠲᠠᠨ ᠤ ᠱᠠᠩᠨᠠᠯ︾ ᠵᠡᠷᠭᠡ ᠮᠠᠰᠢ ᠣᠯᠠᠨ | ᠢᠷᠠᠭᠤ ᠠᠯᠳᠠᠷ ᠢ ᠬᠦᠷᠲᠡᠵᠦ᠂ ᠪᠠᠰᠠ ᠣᠯᠠᠨ ᠤᠳᠠᠭ᠎ᠠ ᠲᠣᠮᠣ ᠬᠡᠯᠪᠡᠷᠢ ᠶᠢᠨ ᠴᠡᠷᠢᠭ ᠤᠨ ᠶᠠᠪᠤᠳᠠᠯ ᠤᠨ | ᠰᠣᠷᠢᠯᠲᠠ ᠳᠤ ᠣᠷᠣᠯᠴᠠᠪᠠ᠃ ᠴᠡᠷᠢᠭ ᠠᠴᠠ ᠬᠠᠯᠠᠭᠳᠠᠭᠰᠠᠨ ᠤ ᠳᠠᠷᠠᠭ᠎ᠠ᠂ ᠲᠡᠷᠡ ᠡᠯ᠎ᠡ ᠲᠥᠷᠥᠯ ᠤᠨ | ᠮᠥᠷᠦ᠋ᠢᠴᠡᠭᠡᠨ ᠳᠤᠮᠳᠠ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ ᠣᠯᠵᠤ᠂ ᠨᠡᠩ ᠴᠤ ︽ᠪᠦᠬᠦ ᠤᠯᠤᠰ ᠤᠨ | ᠴᠡᠷᠢᠭ ᠠᠴᠠ ᠬᠠᠯᠠᠭᠳᠠᠭᠰᠠᠳ ᠤᠨ ᠯᠧᠺᠲ᠋ᠣᠷ︾᠂ ︽ᠪᠦᠬᠦ ᠤᠯᠤᠰ ᠤᠨ ᠵᠠᠭᠤᠨ ᠰᠢᠯᠢᠳᠡᠭ ᠡᠷᠦᠬᠡ ᠶᠢᠨ | ᠴᠡᠷᠢᠭ ᠤᠨ ᠳᠠᠰᠬᠠᠯᠵᠢᠭᠤᠯᠤᠭᠴᠢ︾ ᠵᠡᠷᠭᠡ ᠪᠠᠷ ᠦᠨᠡᠯᠡᠭᠳᠡᠪᠡ᠃ | 2019 ᠣᠨ ᠳᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠪᠠᠶᠢᠭᠤᠯᠤᠭᠳᠠᠬᠤ | ᠦᠶ᠎ᠡ ᠳᠤ ᠬᠦᠴᠢᠷ ᠪᠡᠷᠬᠡᠰᠢᠶᠡᠯ ᠳᠠᠪᠬᠤᠷ ᠳᠠᠪᠬᠤᠷ ᠪᠠᠶᠢᠵᠤ᠂ ᠴᠧᠨ ᠹᠦ᠋ ᠴᠢᠶᠠᠩ ᠬᠦᠴᠢᠷ ᠢ ᠰᠦᠷᠦᠨ | ᠤᠷᠤᠭᠰᠢᠯᠠᠪᠠ᠃ ᠲᠡᠷᠡ ᠪᠡᠯᠡ ᠮᠥᠩᠭᠦ ᠣᠯᠬᠤ᠂ ᠠᠵᠢᠯᠲᠠᠨ ᠡᠯᠰᠡᠬᠦ᠂ ᠥᠭᠡᠷᠡᠴᠢᠯᠡᠬᠦ ᠲᠠᠯᠠᠪᠤᠷ ᠭᠠᠷᠭᠠᠵᠤ᠂ 31 | ᠲᠡᠭᠰᠢ ᠳᠥᠷᠪᠡᠯᠵᠢᠨ ᠮᠧ᠊ᠲᠷ ᠤᠨ ᠵᠢᠵᠢᠭ ᠣᠷᠣᠨ ᠵᠠᠢ ᠶᠢ 300 ᠲᠡᠭᠰᠢ ᠳᠥᠷᠪᠡᠯᠵᠢᠨ ᠮᠧ᠊ᠲᠷ ᠤᠨ ᠬᠠᠯᠠᠭᠤᠨ | ᠳᠤᠯᠠᠭᠠᠨ ᠭᠡᠷ ᠣᠷᠣᠨ ᠪᠣᠯᠭᠠᠨ ᠬᠤᠪᠢᠷᠠᠭᠤᠯᠤᠨ᠎ᠠ᠃ 2024 ᠣᠨ ᠳᠤ ᠪᠠᠶᠢᠭᠤᠯᠤᠭᠰᠠᠨ ᠭᠦᠶᠡᠩ ᠰᠢᠶᠠᠨ ᠤ | ᠠᠬᠠᠮᠠᠳ ᠴᠡᠷᠢᠭ ᠤᠨ ᠭᠡᠷ ᠪᠦᠯᠢ ᠴᠡᠷᠢᠭ ᠠᠴᠠ ᠬᠠᠯᠠᠭᠳᠠᠭᠰᠠᠳ ᠤᠨ ᠳᠤᠷ᠎ᠠ ᠪᠠᠬ᠎ᠠ ᠶᠢ ᠶᠡᠬᠡᠳᠡ ᠲᠠᠲᠠᠪᠠ᠃ ᠲᠡᠷᠡ | 43 ᠵᠦᠢᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ | ᠣᠷᠣᠨ ᠤ ᠵᠢᠱᠢᠶ᠎ᠡ ᠦᠵᠡᠭᠦᠯᠬᠦ ᠬᠡᠯᠪᠡᠷᠢ ᠶᠢ ᠡᠭᠦᠳᠦᠨ ᠪᠠᠶᠢᠭᠤᠯᠬᠤ ᠰᠢᠯᠭᠠᠨ ᠦᠨᠡᠯᠡᠯᠲᠡ ᠳᠤ ᠪᠦᠷᠢᠨ ᠬᠤᠪᠢ | ᠣᠯᠵᠤ᠂ ᠠᠵᠢᠯ ᠲᠥᠷᠥᠯ ᠤᠨ ᠬᠡᠪ ᠳᠠᠭᠤᠷᠢᠶᠠᠯ ᠪᠣᠯᠭᠠᠪᠠ᠃ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠲᠠᠯ᠎ᠠ ᠪᠠᠷ᠂ ᠲᠡᠷᠡ ᠪᠠᠷᠢᠮᠵᠢᠶᠠᠵᠢᠭᠰᠠᠨ ︽ᠴᠡᠷᠢᠭ ᠤᠨ | ᠶᠠᠪᠤᠳᠠᠯ ᠤᠨ ᠠᠵᠢᠯᠯᠠᠭ᠎ᠠ︾ ᠶᠢᠨ ᠬᠥᠳᠡᠯᠭᠡᠭᠡᠨ ᠢ ᠰᠦᠪᠡᠭᠴᠢᠯᠡᠨ ᠭᠠᠷᠭᠠᠪᠠ᠃ ᠭᠡᠷ ᠲᠤᠨᠢ ᠬᠦᠷᠴᠦ ᠪᠠᠶᠢᠳᠠᠯ ᠢ | ᠣᠶᠢᠯᠠᠭᠠᠵᠤ᠂ ᠡᠯᠧᠺ᠊ᠲᠷᠣᠨ ᠳᠠᠩᠰᠠ ᠡᠪᠬᠡᠮᠡᠯ ᠪᠠᠶᠢᠭᠤᠯᠤᠨ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ | ᠰᠢᠯᠢᠳᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ︽ᠡᠮ ᠬᠤᠳᠠᠯᠳᠤᠨ ᠠᠪᠬᠤ ᠳᠤ ᠦᠨᠡᠲᠡᠢ︾ ︽ | ᠡᠮᠴᠢᠯᠡᠭᠡ ᠳᠤ ᠬᠦᠴᠢᠷᠲᠡᠢ︾ ︽ᠠᠪᠤᠷᠠᠨ ᠲᠤᠰᠠᠯᠠᠬᠤ ᠳᠤ ᠬᠦᠴᠢᠷ︾ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠲᠡᠷᠡ ᠪᠠᠰᠠ ᠣᠨᠴᠠᠯᠢᠭᠲᠤ ᠦᠢᠯᠡᠴᠢᠯᠡᠭᠡ ᠥᠷᠨᠢᠭᠦᠯᠵᠦ᠂ ᠵᠡᠮᠳᠡᠭ ᠴᠡᠷᠢᠭ ᠠᠴᠠ ᠬᠠᠯᠠᠭᠳᠠᠭᠰᠠᠳ ᠰᠢᠦᠢ ᠯᠢ | ᠫᠧᠩ ᠢ ᠬᠠᠪᠰᠤᠷᠤᠨ ᠠᠵᠢᠯ ᠣᠯᠭᠤᠵᠤ᠂ ᠬᠡᠦᠬᠡᠳ ᠤᠨ ᠰᠤᠷᠭᠠᠭᠤᠯᠢ ᠳᠤ ᠰᠠᠭᠤᠬᠤ ᠠᠰᠠᠭᠤᠳᠠᠯ ᠢ ᠨᠢ | ᠰᠢᠢᠳᠪᠦᠷᠢᠯᠡᠪᠡ︔ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠯᠢᠦ ᠯᠧᠢ ᠳᠤ ᠬᠠᠤᠯᠢ ᠴᠠᠭᠠᠵᠠ ᠶᠢᠨ | ᠲᠤᠰᠠᠯᠠᠮᠵᠢ ᠬᠠᠩᠭᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠪᠠ᠃ ᠬᠡᠳᠦᠨ ᠵᠢᠯ ᠤᠨ | ᠲᠤᠷᠰᠢ᠂ ᠨᠡᠶᠢᠲᠡ 50 ᠭᠠᠷᠤᠢ ᠬᠦᠴᠢᠷ ᠠᠰᠠᠭᠤᠳᠠᠯ ᠢ ᠰᠢᠢᠳᠪᠦᠷᠢᠯᠡᠵᠦ᠂ 30 ᠭᠠᠷᠤᠢ ᠴᠡᠷᠢᠭ ᠠᠴᠠ | ᠬᠠᠯᠠᠭᠳᠠᠭᠰᠠᠳ ᠤᠨ ᠠᠵᠢᠯ ᠣᠯᠬᠤ ᠳᠤ ᠬᠦᠴᠦᠨ ᠨᠡᠮᠡᠷᠢᠯᠡᠪᠡ᠃ | ᠴᠧᠨ ᠹᠦ ᠴᠢᠶᠠᠩ ᠴᠡᠷᠢᠭ ᠤᠨ ᠠᠯᠪᠠᠨ ᠠᠴᠠ ᠪᠠᠭᠤᠭᠰᠠᠨ ᠬᠥᠮᠦᠰ ᠤᠨ ᠬᠠᠷᠢᠭᠤᠴᠠᠯᠭ᠎ᠠ ᠡᠭᠦᠷᠭᠡᠯᠡᠵᠦ ᠬᠤᠪᠢ | ᠨᠡᠮᠡᠷᠢ ᠦᠵᠡᠭᠦᠯᠬᠦ ᠶᠢ ᠨᠡᠩ ᠴᠢᠬᠤᠯᠠᠴᠢᠯᠠᠨ᠎ᠠ᠃ ᠲᠡᠷᠡ ︽ᠠᠬᠠᠮᠠᠳ ᠴᠡᠷᠢᠭ ᠤᠨ ᠠᠵᠢᠯᠯᠠᠬᠤ ᠲᠠᠰᠤᠭ︾ ᠢ | ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠪᠡ︔ ︽ᠠᠬᠠᠮᠠᠳ ᠴᠡᠷᠢᠭ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠵᠣᠬᠢᠶᠠᠨ ᠪᠠᠶᠢᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ | ᠤᠯᠠᠮᠵᠢᠯᠠᠪᠠ︔ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ 300 | ᠭᠠᠷᠤᠢ ᠤᠳᠠᠭ᠎ᠠ ᠪᠠᠶᠢᠭᠤᠯᠵᠤ᠂ 30 ᠭᠠᠷᠤᠢ ᠲᠠᠯᠠᠪᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠴᠧᠨ ᠹᠦ᠋ ᠴᠢᠶᠠᠩ ︽ᠴᠡᠷᠢᠭ ᠠᠴᠠ ᠬᠠᠯᠠᠭᠳᠠᠭᠰᠠᠳ ᠢ ᠰᠡᠳᠬᠢᠯ ᠬᠠᠨᠤᠮᠵᠢᠲᠠᠢ ᠪᠣᠯᠭᠠᠵᠤ᠂ ᠴᠡᠷᠢᠭ ᠢ ᠪᠦᠬᠦ | ᠨᠡᠶᠢᠭᠡᠮ ᠢᠶᠠᠷ ᠢᠶᠠᠨ ᠬᠦᠨᠳᠦᠳᠬᠡᠬᠦ ᠲᠤᠬᠠᠶᠢᠯᠠᠭᠰᠠᠨ ᠠᠵᠢᠯ ᠪᠣᠯᠭᠠᠬᠤ︾ ᠪᠠᠷ ᠬᠠᠷᠠᠯᠲᠠ ᠪᠣᠯᠭᠠᠵᠤ᠂ ᠪᠤᠰᠢᠭᠤ | ᠱᠠᠯᠠᠮᠠᠭᠠᠢ ᠰᠤᠷᠲᠠᠯ ᠢᠶᠠᠷ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠴᠡᠷᠢᠭ ᠠᠴᠠ | ᠬᠠᠯᠠᠭᠳᠠᠭᠰᠠᠳ ᠤᠨ ᠥᠩᠭᠡ ᠵᠢᠰᠦ ᠪᠠᠭᠤᠷᠠᠬᠤ ᠦᠭᠡᠢ︾ ᠪᠠᠶᠢᠬᠤ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠷ᠎ᠡ ᠨᠢᠳᠡᠷ ᠲᠡᠭᠡᠨ ᠨᠡᠶᠢᠴᠡᠭᠰᠡᠨ ᠳᠠᠭᠤᠷᠢᠶᠠᠯ ᠪᠣᠯᠬᠤ ᠶᠤᠮ︕ | |