ᠲᠠᠪᠤᠳᠤᠭᠠᠷ ᠰᠠᠷ᠎ᠠ ᠪᠤᠯᠬᠤ ᠪᠠᠷ ᠭᠦᠶᠡᠩ ᠰᠢᠶᠠᠨ ᠤ ᠴᠢᠨ ᠤᠯᠤᠰ ᠤᠨ ᠤᠷᠲᠤ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ ᠨᠢ ︽ᠡᠷᠲᠡᠨ ᠤ ᠤᠶᠠᠩᠭᠠᠲᠤ ᠰᠢᠨ᠎ᠡ ᠳᠠᠭᠤᠤ᠂ ᠰᠣᠶᠣᠯ ᠤᠨ ᠴᠢᠳᠠᠪᠤᠷᠢ | ᠣᠯᠭᠤᠬᠤ︾ ᠪᠠᠷ ᠭᠤᠣᠯ ᠰᠡᠳᠦᠪ ᠪᠣᠯᠭᠠᠵᠤ᠂ ︽5 · 1︾ ᠤ ᠰᠣᠶᠣᠯ ᠵᠢᠭᠤᠯᠴᠢᠯᠠᠯ ᠤᠨ ᠨᠠᠷᠭᠢᠯ ᠤᠨ | ᠬᠥᠰᠢᠭᠡ ᠶᠢ ᠰᠡᠬᠦᠪᠡ᠃ ᠮᠢᠩᠭᠠᠨ ᠵᠢᠯ ᠤᠨ ᠲᠡᠦᠬᠡ ᠶᠢᠨ ᠠᠭᠤᠯᠤᠭᠳᠠᠬᠤᠨ ᠪᠠ ᠣᠳᠣ ᠦᠶ᠎ᠡ ᠶᠢᠨ ᠪᠦᠲᠦᠭᠡᠯᠴᠢ | ᠰᠡᠳᠬᠢᠮᠵᠢ ᠶᠢ ᠪᠦᠷᠢᠨ ᠲᠡᠭᠦᠯᠳᠡᠷ ᠠᠭᠤᠰᠤᠯᠴᠠᠭᠤᠯᠵᠤ᠂ ᠴᠠᠭ ᠣᠷᠣᠨ ᠵᠠᠢ ᠶᠢ ᠠᠯᠤᠰᠯᠠᠭᠰᠠᠨ ᠰᠣᠶᠣᠯ ᠤᠨ | ᠦᠪᠡᠳᠡᠭᠰᠢ ᠨᠠᠶᠢᠷ ᠢ ᠴᠣᠭᠴᠠᠯᠠᠨ᠎ᠠ᠃ | ᠲᠤᠰ ᠤᠳᠠᠭᠠᠨ ᠤ ᠠᠵᠢᠯᠯᠠᠭ᠎ᠠ ᠶᠢᠨ ᠬᠦᠨᠳᠦ ᠴᠢᠬᠤᠯᠠ ᠪᠦᠲᠦᠭᠡᠯ ᠪᠣᠯᠤᠭᠰᠠᠨ ᠤ ᠬᠤᠪᠢ ᠳᠤ᠂ ᠪᠣᠳᠠᠲᠤ | ᠦᠵᠡᠭᠳᠡᠯᠲᠦ ᠵᠦᠴᠦᠭᠡ ︽ᠵᠣᠣ ᠵᠢᠶᠦ᠋ᠨ ᠪᠣᠭᠤᠮᠲᠠ ᠲᠠᠪᠠᠭᠰᠠᠨ︾ ᠨᠢ ᠡᠳᠦᠷ ᠪᠦᠷᠢ ᠴᠢᠨ ᠤᠯᠤᠰ ᠤᠨ ᠤᠷᠲᠤ | ᠴᠠᠭᠠᠨ ᠬᠡᠷᠡᠮ ᠤᠨ ᠬᠤᠶᠢᠲᠤ ᠡᠭᠦᠳᠡᠨ ᠳᠤ ᠳᠣᠩᠰᠣᠯᠭᠠᠨ ᠲᠣᠭᠯᠠᠪᠠ᠃ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ | 20 ᠣᠨ ᠳᠤ᠂ ᠸᠠᠩ ᠵᠤᠤ ᠵᠢᠶᠦ᠋ᠨ ᠬᠤᠶᠠᠷ ᠪᠦᠯᠦᠭ ᠬᠥᠮᠦᠰ ᠢᠶᠠᠨ ᠳᠠᠭᠠᠭᠤᠯᠤᠨ᠂ ᠬᠤᠶᠠᠷ ᠥᠬᠢᠨ ᠵᠢᠴᠢ ᠮᠠᠰᠢ | ᠣᠯᠠᠨ ᠲᠠᠯ᠎ᠠ ᠨᠤᠲᠤᠭ ᠤᠨ ᠮᠠᠶᠢᠮᠠᠶᠢᠴᠢᠳ᠂ ᠮᠠᠯᠴᠢᠳ ᠴᠢᠨ ᠤᠯᠤᠰ ᠤᠨ ᠤᠷᠲᠤ ᠴᠠᠭᠠᠨ ᠬᠡᠷᠡᠮ ᠤᠨ ᠳᠣᠣᠷ᠎ᠠ | ᠢᠷᠡᠵᠦ ᠪᠣᠭᠤᠮᠲᠠ ᠰᠢᠪᠲᠤᠯᠤᠭᠰᠠᠨ ᠪᠠᠶᠢᠨ᠎ᠠ᠃ ᠬᠠᠨ ᠴᠧᠩ ᠳ᠋ᠢ ᠪᠠᠰᠠ ᠦᠶᠤᠸᠠᠨ ᠵᠢᠶᠦ᠋ᠨ ᠢ ᠲᠣᠮᠢᠯᠠᠨ ᠼᠦᠢ | ᠱᠢ ᠶᠢ ᠰᠠᠬᠢᠭᠤᠯᠵᠤ᠂ ᠴᠠᠭ ᠲᠤᠬᠠᠢ ᠳᠤᠨᠢ ᠰᠢᠶᠣᠤ ᠸᠧᠢ ᠪᠣᠯᠭᠠᠭᠰᠠᠨ ᠸᠠᠩ ᠵᠤᠤ ᠵᠢᠶᠦ᠋ᠨ ᠠᠴᠢ ᠬᠦᠦ ᠸᠠᠩ ᠱᠧ᠂ | ᠸᠠᠩ ᠱᠠ ᠬᠠᠨ ᠤᠯᠤᠰ ᠢ ᠲᠥᠯᠥᠭᠡᠯᠡᠨ ᠪᠣᠭᠤᠮᠲᠠ ᠪᠠᠷ ᠵᠠᠬ᠎ᠠ ᠳᠡᠯᠭᠡᠭᠦᠷ ᠨᠡᠭᠡᠭᠡᠪᠡ᠃ ᠬᠣ᠋ ᠬᠠᠨ ᠬᠤᠶᠠᠷ | ᠲᠠᠯ᠎ᠠ ᠪᠠᠷ ᠢᠶᠠᠨ ᠪᠣᠭᠤᠮᠲᠠ ᠶᠢᠨ ᠭᠠᠳᠠᠨ᠎ᠠ ᠾᠧ ᠳ᠋ᠢᠩ ᠳᠡᠯᠭᠡᠭᠦᠷ ᠨᠡᠭᠡᠭᠡᠬᠦ ᠶᠣᠰᠣᠯᠠᠯ ᠶᠠᠪᠤᠭᠤᠯᠵᠠᠢ᠃ ᠵᠠᠬ᠎ᠠ | ᠳᠡᠯᠭᠡᠭᠦᠷ ᠡᠬᠢᠯᠡᠭᠰᠡᠨ ᠤ ᠳᠠᠷᠠᠭ᠎ᠠ᠂ ᠬᠣ᠋ ᠬᠠᠨ ᠬᠤᠶᠠᠷ ᠲᠠᠯ᠎ᠠ ᠶᠢᠨ ᠬᠤᠳᠠᠯᠳᠤᠭᠠᠴᠢᠨ᠂ ᠬᠤᠲᠠ ᠶᠢᠨ ᠬᠦᠮᠦᠰ ᠲᠤ | ᠥᠭᠡᠳᠡ ᠪᠣᠯᠵᠤ᠂ ᠵᠠᠬ᠎ᠠ ᠳᠡᠯᠭᠡᠭᠦᠷ ᠲᠤ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠶ᠎ᠡ | ᠵᠣᠬᠢᠴᠠᠩᠭᠤᠢ ᠬᠥᠷ ᠬᠥᠭᠵᠢᠶᠡᠨ ᠲᠠᠢ ᠪᠠᠶᠢᠳᠠᠯ ᠢᠯᠡᠷᠡᠵᠡᠢ᠃ ᠸᠠᠩ ᠵᠤᠤ ᠵᠢᠶᠦ᠋ᠨ ᠬᠤᠲᠠ ᠶᠢ ᠲᠣᠭᠤᠷᠢᠨ ᠴᠠᠭᠳᠠᠬᠤ | ᠶᠠᠪᠤᠴᠠ ᠳᠤ᠂ ᠥᠪᠡᠷ ᠤᠨ ᠴᠢᠬᠢᠯᠳᠦᠭᠰᠡᠨ ᠪᠠᠶᠢᠳᠠᠯ ᠢᠶᠠᠨ ᠲᠡᠰᠬᠡᠯ ᠦᠭᠡᠢ ᠪᠣᠳᠣᠵᠤ᠂ ᠡᠮᠦᠨᠡᠬᠢ ᠬᠥᠮᠦᠨ ᠤ | ᠰᠡᠳᠬᠢᠯ ᠵᠢᠷᠦᠬᠡ ᠪᠠᠨ ᠬᠤᠯᠪᠣᠵᠤ᠂ ᠠᠮᠤᠷ ᠠᠮᠤᠭᠤᠯᠠᠩ ᠵᠣᠯ ᠵᠢᠷᠭᠠᠯ ᠲᠠᠢ ᠪᠠᠶᠢᠬᠤ ᠪᠠᠶᠢᠳᠠᠯ ᠢ ᠬᠠᠷᠠᠭᠠᠳ᠂ ᠤᠷᠲᠤ | ᠴᠠᠭᠠᠨ ᠬᠡᠷᠡᠮ ᠤᠨ ᠣᠪᠣᠭᠠᠨ ᠤ ᠳᠣᠣᠷ᠎ᠠ ᠳᠠᠬᠢᠨᠲᠠ ᠫᠢᠫᠠ ᠶᠢ ᠬᠦᠭᠵᠢᠮᠳᠡᠪᠡ᠃ ᠵᠤᠭᠠᠴᠠᠭᠴᠢ ᠵᠠᠩ ᠠᠪᠠᠭ᠋ᠠᠢ | ᠲᠣᠭᠯᠠᠭᠰᠠᠨ ᠤ ᠳᠠᠷᠠᠭ᠎ᠠ ᠰᠡᠳᠬᠢᠯ ᠳᠣᠭᠳᠣᠯᠵᠤ ᠪᠠᠶᠢᠯ᠎ᠠ᠃ | ᠠᠭᠤᠳᠠᠮ ᠲᠠᠯᠠᠪᠠᠢ ᠶᠢᠨ ︽ᠮᠢᠩᠭᠠᠨ ᠵᠢᠯ ᠤᠨ ᠲᠤᠷᠰᠢᠬᠢ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠳᠠᠭᠤᠤ | ᠪᠥᠵᠢᠭ ᠤᠨ ᠲᠤᠰᠬᠠᠢ ᠲᠠᠯᠠᠪᠠᠢ ᠳᠤ ᠡᠭᠡᠯᠵᠢᠯᠡᠨ ᠲᠣᠭᠯᠠᠯᠲᠠ ᠭᠠᠷᠭᠠᠪᠠ᠃ ᠤᠭ ᠳᠠᠭᠤᠤ ︽ᠭᠦᠶᠡᠩ︾᠂ ︽ᠴᠢᠨ | ᠤᠯᠤᠰ ᠤᠨ ᠤᠷᠲᠤ ᠴᠠᠭᠠᠨ ᠬᠡᠷᠡᠮ︾ ᠳᠤ ᠡᠨᠡᠬᠦ ᠨᠤᠲᠤᠭ ᠳᠡᠪᠢᠰᠬᠡᠷ ᠤᠨ ᠦᠯᠢᠭᠡᠷ ᠢ ᠭᠦᠨ ᠶᠠᠷᠢᠵᠤ ᠪᠠᠶᠢᠯ᠎ᠠ᠃ | ᠳᠤᠷᠠᠳᠤᠭᠤᠰᠢᠲᠠᠢ ᠵᠦᠢᠯ ᠭᠡᠪᠡᠯ᠂ ᠪᠤᠭᠤᠲᠤ ᠶᠢᠨ ᠭᠡᠷᠡᠯ ᠵᠢᠷᠤᠭ ᠤᠨ ᠤᠯᠠᠷᠢᠯ ᠤᠨ ᠪᠦᠬᠦ ᠤᠯᠤᠰ ᠤᠨ ᠭᠡᠷᠡᠯ | ᠵᠢᠷᠤᠭ ᠤᠨ ᠦᠵᠡᠰᠬᠦᠯᠡᠩ ᠴᠦ ︽ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ ᠭᠦᠶᠡᠩ ᠴᠢᠨ ᠤᠯᠤᠰ ᠤᠨ | ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠲᠤ ᠶᠠᠪᠤᠭᠳᠠᠵᠤ ᠪᠠᠶᠢᠨ᠎ᠠ᠃ ᠪᠦᠬᠦ ᠤᠯᠤᠰ ᠤᠨ | ᠡᠯ᠎ᠡ ᠭᠠᠵᠠᠷ ᠠᠴᠠ ᠢᠷᠡᠭᠰᠡᠨ ᠭᠡᠷᠡᠯ ᠵᠢᠷᠤᠭᠴᠢᠳ ᠵᠢᠷᠤᠭ ᠳᠦᠷᠰᠦ ᠪᠠᠨ ᠤᠷᠲᠤ ᠴᠠᠭᠠᠨ ᠬᠡᠷᠡᠮ ᠤᠨ ᠰᠦᠷᠯᠢᠭ | ᠰᠠᠶᠢᠬᠠᠨ ᠳᠦᠷᠢ ᠪᠣᠯᠤᠨ ᠲᠠᠯ᠎ᠠ ᠨᠤᠲᠤᠭ ᠤᠨ ᠥᠷᠭᠡᠨ ᠠᠭᠤᠳᠠᠮ ᠥᠩᠭᠡ ᠦᠵᠡᠮᠵᠢ ᠳᠤ ᠲᠥᠪᠯᠡᠷᠡᠭᠦᠯᠵᠦ᠂ ᠭᠡᠷᠡᠯ | ᠵᠢᠷᠤᠭ ᠤᠨ ᠤᠷᠠᠯᠢᠭ ᠢᠶᠠᠷ ᠡᠨᠡᠬᠦ ᠬᠡᠰᠡᠭ ᠭᠠᠵᠠᠷ ᠰᠢᠷᠣᠢ ᠶᠢᠨ ᠥᠪᠡᠷᠮᠢᠴᠡ ᠷᠢᠳᠢ ᠰᠢᠳᠢ ᠶᠢ ᠲᠡᠮᠳᠡᠭᠯᠡᠵᠦ᠂ ᠮᠠᠰᠢ | ᠣᠯᠠᠨ ᠭᠡᠷᠡᠯ ᠵᠢᠷᠤᠭ ᠤᠨ ᠪᠠᠭ᠋ᠠᠲᠠᠢ ᠬᠥᠮᠦᠰ ᠪᠣᠯᠤᠨ ᠵᠤᠭᠠᠴᠠᠭᠰᠠᠳ ᠢ ᠲᠠᠲᠠᠵᠤ ᠰᠣᠨᠢᠷᠬᠠᠭᠤᠯᠪᠠ᠃ | ᠲᠡᠦᠬᠡ ᠶᠢᠨ ᠪᠣᠳᠠᠲᠤ ᠦᠵᠡᠭᠳᠡᠯᠲᠦ ᠵᠦᠴᠦᠭᠡ ᠶᠢᠨ ᠳᠣᠬᠢᠶᠠᠨ ᠤᠳᠤᠭ᠎ᠠ ᠶᠢᠨ ᠰᠠᠷ᠎ᠠ ᠠᠴᠠ ᠣᠳᠣ ᠦᠶ᠎ᠡ ᠶᠢᠨ | ᠳᠠᠭᠤᠤ ᠪᠥᠵᠢᠭ ᠤᠨ ᠬᠥᠷ ᠬᠥᠭᠵᠢᠶᠡᠨ ᠢᠶᠠᠷ ᠪᠢᠯᠬᠠᠨ᠎ᠠ︔ ᠡᠷᠲᠡᠨ ᠤ ᠤᠷᠲᠤ ᠴᠠᠭᠠᠨ ᠬᠡᠷᠡᠮ ᠤᠨ ᠭᠦᠨ ᠵᠤᠵᠠᠭᠠᠨ | ᠬᠤᠪᠢᠰᠤᠯᠲᠠ ᠠᠴᠠ ᠤᠮᠠᠷᠠᠲᠤ ᠬᠢᠯᠢ ᠶᠢᠨ ᠰᠣᠶᠣᠯ ᠤᠨ ᠥᠷᠭᠡᠨ ᠠᠭᠤᠳᠠᠮ ᠲᠠᠯ᠎ᠠ ᠬᠦᠷᠲᠡᠯ᠎ᠡ᠂ 2025 ᠣᠨ ᠳᠤ | ᠭᠦᠶᠡᠩ ︽5.1︾ ᠤ ᠰᠣᠶᠣᠯ ᠵᠢᠭᠤᠯᠴᠢᠯᠠᠯ ᠤᠨ ᠦᠪᠡᠳᠡᠭᠰᠢ ᠳᠠᠶᠢᠯᠠᠯᠭ᠎ᠠ ᠨᠢ ᠴᠠᠭ ᠬᠤᠭᠤᠴᠠᠭ᠎ᠠ ᠪᠠ ᠣᠷᠣᠨ | ᠵᠠᠢ ᠶᠢ ᠠᠯᠤᠰᠯᠠᠭᠰᠠᠨ ᠶᠠᠷᠢᠯᠴᠠᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠰᠣᠶᠣᠯ ᠤᠨ | ᠢᠲᠡᠭᠡᠯ ᠤᠨ ᠠᠮᠢᠳᠤᠯᠢᠭ ᠲᠠᠶᠢᠯᠪᠤᠷᠢᠯᠠᠯᠲᠠ ᠪᠣᠯᠤᠨ᠎ᠠ᠃ ᠮᠢᠩᠭᠠᠨ ᠵᠢᠯ ᠤᠨ ᠴᠢᠨ ᠤᠯᠤᠰ ᠤᠨ ᠤᠷᠲᠤ ᠴᠠᠭᠠᠨ | ᠬᠡᠷᠡᠮ ᠣᠳᠣ ᠦᠶ᠎ᠡ ᠶᠢᠨ ᠪᠦᠲᠦᠭᠡᠯᠴᠢ ᠰᠡᠳᠬᠢᠮᠵᠢ ᠲᠠᠢ ᠤᠴᠠᠷᠠᠵᠤ᠂ ᠲᠡᠦᠬᠡ ᠪᠣᠯᠤᠨ ᠪᠣᠳᠠᠲᠤ ᠠᠬᠤᠢ ᠨᠢ ᠠᠳᠡ | ᠰᠣᠯᠪᠢᠴᠠᠨ ᠪᠠᠶᠢᠳᠠᠭ᠂ ᠡᠨᠡ ᠬᠦ ᠤᠮᠠᠷᠠᠲᠤ ᠬᠢᠯᠢ ᠶᠢᠨ ᠰᠣᠶᠣᠯ ᠤᠨ ᠭᠠᠵᠠᠷ ᠤᠨ ᠲᠡᠮᠳᠡᠭ ᠨᠢ ᠶᠠᠭ ᠨᠡᠭᠡᠭᠡᠯᠲᠡᠲᠡᠢ | ᠪᠠᠭᠲᠠᠭᠠᠮᠵᠢᠲᠠᠢ ᠣᠪᠣᠷ ᠪᠠᠶᠢᠳᠠᠯ ᠢᠶᠠᠷ ᠰᠢᠨ᠎ᠡ ᠴᠠᠭ ᠦᠶ᠎ᠡ ᠳᠤ ᠬᠠᠷᠢᠶᠠᠯᠠᠭᠳᠠᠬᠤ ᠭᠠᠶᠢᠬᠠᠮᠰᠢᠭᠳᠤ ᠬᠠᠭᠤᠳᠠᠰᠤ ᠶᠢ | ᠦᠷᠭᠦᠯᠵᠢᠯᠡᠨ ᠪᠢᠴᠢᠵᠦ ᠪᠠᠶᠢᠨ᠎ᠠ᠃ | |