ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ | ᠪᠣᠯᠪᠠᠰᠤᠷᠠᠯ ᠲᠠᠢ ᠴᠠᠭᠳᠠᠭᠠᠨ ᠤ ᠠᠩᠭᠢ ᠶᠢ ᠳᠠᠪᠲᠠᠨ ᠪᠣᠯᠪᠠᠰᠤᠷᠠᠭᠤᠯᠬᠤ ᠶᠢᠨ ᠲᠥᠯᠥᠭᠡ᠂ ᠭᠦᠶᠡᠩ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ︽ᠳᠠᠭᠠᠭᠤᠯᠤᠨ ᠰᠤᠷᠤᠯᠴᠠᠵᠤ ᠬᠢᠨᠠᠨ ᠵᠢᠯᠣᠭᠤᠳᠬᠤ︾ ᠬᠤᠣᠰ ᠵᠠᠮ ᠤᠨ ᠠᠵᠢᠯ ᠤᠨ | ᠲᠣᠭᠲᠠᠴᠠ ᠶᠢ ᠬᠡᠷᠡᠭᠯᠡᠵᠦ᠂ ᠰᠤᠷᠤᠯᠴᠠᠯᠭ᠎ᠠ ᠬᠥᠮᠦᠵᠢᠯ ᠪᠣᠯᠤᠨ ᠱᠠᠯᠠᠪᠳᠠᠭᠤᠯᠤᠨ ᠵᠢᠯᠣᠭᠤᠳᠬᠤ ᠶᠢ ᠣᠷᠭᠠᠨᠢᠭ ᠢᠶᠠᠷ | ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠤ | ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ᠰᠢᠰᠲ᠋ᠧᠮᠵᠢᠭᠰᠡᠨ ᠤᠯᠤᠰ ᠲᠥᠷᠥ ᠶᠢᠨ | ᠣᠨᠣᠯ ᠤᠨ ᠰᠤᠷᠤᠯᠴᠠᠯᠭ᠎ᠠ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠵᠢᠴᠢ ᠵᠠᠯᠠᠭᠤ ᠺᠠᠳ᠋ᠷᠴᠤᠳ ᠢ ᠬᠥᠲᠥᠯᠥᠨ | ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ | ᠡᠵᠡᠮᠰᠢᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠯᠠᠨ ᠵᠦᠢᠯ ᠤᠨ ᠠᠷᠭ᠎ᠠ ᠬᠡᠯᠪᠡᠷᠢ | ᠣᠯᠠᠨ ᠡᠰᠢᠴᠢᠯᠡᠭᠰᠡᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠎ᠡ᠄ ᠲᠣᠭᠲᠠᠮᠠᠯ ᠬᠤᠭᠤᠴᠠᠭ᠎ᠠ ᠲᠠᠢ ᠪᠠᠷ ᠨᠣᠮ | ᠤᠩᠰᠢᠬᠤ ᠠᠩᠭᠢ ᠡᠷᠬᠢᠯᠡᠵᠦ᠂ ᠤᠳᠤᠷᠢᠳᠤᠯᠭ᠎ᠠ ᠠᠴᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠤᠷᠠᠯ ᠤᠨ | ᠵᠣᠷᠢᠭ ᠰᠠᠨᠠᠭ᠎ᠠ ᠶᠢ ᠳᠠᠭᠠᠭᠤᠯᠤᠨ ᠭᠦᠨᠵᠡᠭᠡᠢ ᠲᠠᠶᠢᠯᠪᠤᠷᠢᠯᠠᠵᠤ᠂ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ | ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠰᠢᠨ᠎ᠡ ᠴᠠᠭ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠠᠵᠢᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠨᠠᠮ ᠳᠤ ᠣᠷᠣᠬᠤ | ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠬᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ | ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠯᠴᠠᠯᠭ᠎ᠠ ᠬᠥᠮᠦᠵᠢᠯ ᠢ ᠦᠭᠡ ᠬᠡᠯᠡ ᠠᠴᠠ ᠠᠵᠢᠯᠯᠠᠭ᠎ᠠ ᠪᠣᠯᠭᠠᠨ | ᠬᠤᠪᠢᠷᠠᠭᠤᠯᠵᠤ᠂ ︽ᠴᠢᠬᠢ︾ ᠠᠴᠠ ︽ᠰᠡᠳᠬᠢᠯ ᠳᠤ ᠬᠠᠳᠠᠩᠰᠢᠭᠤᠯᠬᠤ︾ ᠳᠠᠪᠠᠯᠲᠠ ᠶᠢ ᠪᠡᠶᠡᠯᠡᠭᠦᠯᠦᠨ᠎ᠡ᠃ | ᠯᠠᠪᠳᠠᠭᠤᠨ ᠪᠠᠲᠤᠲᠠᠢ ᠪᠦᠲᠦᠮᠵᠢᠲᠡᠢ ᠠᠯᠢ ᠣᠯᠠᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠠᠪᠴᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ︽ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ | ᠦᠢᠯᠡᠴᠢᠯᠡᠬᠦ᠂ ᠬᠠᠤᠯᠢ ᠶᠢ ᠲᠥᠪ ᠭᠤᠣᠯᠴᠢ ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ | ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ | ︽ᠲᠦᠷᠦᠭᠦᠴᠢ ᠶᠢᠨ ᠭᠠᠯᠠᠭᠤ ᠶᠢᠨ ᠦᠢᠯᠡᠳᠦᠯ︾ ᠢ ᠭᠦᠢᠴᠡᠳ ᠪᠠᠳᠠᠷᠠᠭᠤᠯᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠴᠢᠬᠤᠯᠠ ᠠᠭᠤᠯᠭ᠎ᠠ ᠳᠤ ᠣᠷᠣᠭᠤᠯᠵᠤ᠂ ᠲᠤᠰᠬᠠᠢ | ᠰᠡᠳᠦᠪ ᠢᠶᠠᠷ ᠰᠤᠳᠤᠯᠤᠨ ᠶᠠᠷᠢᠯᠴᠠᠬᠤ᠂ ᠳᠠᠭᠠᠭᠤᠯᠤᠨ ᠰᠤᠷᠤᠯᠴᠠᠬᠤ᠂ ᠤᠬᠠᠭᠤᠯᠤᠨ ᠲᠠᠶᠢᠯᠪᠤᠷᠢᠯᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠤᠭ ᠵᠣᠬᠢᠶᠠᠯ ᠢ ᠲᠦᠷᠦᠭᠦᠯᠡᠨ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ | ᠲᠥᠷᠥᠭᠳᠡᠯ ᠢᠶᠠᠨ ᠶᠠᠷᠢᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠣᠯᠠᠨ ᠲᠣᠭᠠᠲᠠᠨ︾ | ᠢ ᠳᠠᠶᠢᠴᠢᠯᠠᠵᠤ᠂ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠪᠠ᠃ | ︽ᠭᠤᠣᠯᠯᠠᠭᠴᠢ ᠬᠦᠴᠦᠨ ᠢᠶᠠᠷ ᠳᠠᠭᠠᠭᠤᠯᠤᠨ ᠰᠤᠷᠤᠯᠴᠠᠬᠤ︾ ᠶᠢ ᠰᠢᠯᠢᠳᠡᠭᠵᠢᠭᠦᠯᠵᠦ᠂ ᠴᠠᠭᠳᠠᠭᠠᠨ ᠤ | ᠲᠥᠷᠥᠯ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠴᠠᠭᠳᠠᠭᠠᠨ ᠤ | ᠲᠥᠷᠥᠯ ᠤᠨ ᠬᠢᠴᠢᠶᠡᠯ ᠤᠨ ᠲᠠᠩᠬᠢᠮ ᠤᠨ ︽ᠡᠷᠡᠭᠦᠦ ᠶᠢᠨ ᠴᠠᠭᠳᠠᠭ᠎ᠠ ᠳᠤ ᠲᠦᠰᠢᠭᠯᠡᠨ᠂ ᠶᠠᠷᠢᠶ᠎ᠠ ᠲᠠᠯᠪᠢᠬᠤ︾ | ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠎ᠡ᠃ ᠠᠷᠠᠳ ᠤᠨ ᠴᠠᠭᠳᠠᠭ᠎ᠠ ᠶᠢᠨ ᠬᠡᠷᠡᠭ ᠰᠢᠢᠳᠪᠦᠷᠢᠯᠡᠬᠦ ᠶᠠᠪᠤᠴᠠ ᠳᠠᠬᠢ | ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠲᠠᠢ ᠤᠶᠠᠯᠳᠤᠭᠤᠯᠤᠨ᠂ ᠲᠥᠪ ᠤᠨ ᠨᠠᠢᠮᠠᠨ | ᠲᠣᠭᠲᠠᠭᠠᠯ ᠤᠨ ᠬᠠᠤᠯᠢ ᠬᠡᠷᠡᠭᠵᠢᠭᠦᠯᠬᠦ ᠵᠢᠷᠤᠮᠵᠢᠯ᠂ ᠰᠠᠬᠢᠯᠭ᠎ᠠ ᠪᠠᠲᠤ ᠣᠪᠣᠷ ᠰᠤᠷᠲᠠᠯ ᠤᠨ ᠲᠠᠯ᠎ᠠ ᠪᠠᠷ ᠬᠢ ᠪᠣᠳᠠᠲᠠᠢ | ᠱᠠᠭᠠᠷᠳᠠᠯᠭ᠎ᠠ ᠶᠢ ᠭᠦᠨᠵᠡᠭᠡᠢ ᠵᠠᠳᠠᠯᠪᠠ᠃ ᠵᠠᠯᠠᠭᠤ ᠺᠠᠳ᠋ᠷᠴᠤᠳ ᠲᠤ ᠰᠤᠷᠲᠠᠯ ᠤᠨ ᠠᠰᠠᠭᠤᠳᠠᠯ ᠤᠨ ᠬᠠᠤᠯᠢ | ᠬᠡᠷᠡᠭᠵᠢᠭᠦᠯᠦᠯᠲᠡ ᠶᠢᠨ ᠲᠥᠪ ᠭᠤᠣᠯᠴᠢ ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠳᠤ ᠬᠦᠨᠳᠦ | ᠨᠣᠴᠢᠲᠠᠢ ᠬᠤᠬᠢᠷᠠᠯ ᠤᠴᠠᠷᠠᠭᠤᠯᠤᠭᠰᠠᠨ ᠢ ᠭᠦᠨᠵᠡᠭᠡᠢ ᠲᠠᠨᠢᠭᠤᠯᠤᠨ᠎ᠠ᠃ ᠠᠵᠤ ᠠᠬᠤᠢ ᠶᠢᠨ ᠬᠡᠷᠡᠭ ᠢ ᠰᠢᠢᠳᠪᠦᠷᠢᠯᠡᠬᠦ᠂ | ᠠᠵᠤ ᠠᠬᠤᠶᠢᠯᠠᠯ ᠢ ᠨᠡᠪᠲᠡᠷᠡᠯᠴᠡᠨ ᠬᠠᠮᠵᠢᠯᠴᠠᠬᠤ ᠵᠡᠷᠭᠡ ᠠᠵᠢᠯ ᠤᠨ ᠲᠣᠭᠤᠷᠢᠨ ᠳᠤ ᠨᠠᠢᠮᠠᠨ ᠲᠣᠭᠲᠠᠭᠠᠯ ᠤᠨ | ᠠᠰᠢᠭ ᠲᠤᠰᠠ ᠬᠦᠷᠭᠡᠬᠦ ᠶᠢ ᠰᠡᠷᠭᠡᠶᠢᠯᠡᠬᠦ᠂ ᠠᠯᠪᠠᠨ ᠶᠠᠪᠤᠳᠠᠯ ᠢᠶᠠᠷ ᠬᠦᠯᠢᠶᠡᠨ ᠠᠪᠬᠤ ᠶᠢ ᠵᠢᠷᠤᠮᠵᠢᠭᠤᠯᠬᠤ ᠵᠡᠷᠭᠡ | ᠲᠠᠯ᠎ᠠ ᠪᠠᠷ ᠬᠢ ᠦᠢᠯᠡᠳᠦᠯᠭᠡ ᠶᠢᠨ ᠠᠴᠢ ᠬᠤᠯᠪᠣᠭᠳᠠᠯ ᠢ ᠲᠠᠶᠢᠯᠪᠤᠷᠢᠯᠠᠵᠤ᠂ ᠵᠠᠯᠠᠭᠤ ᠺᠠᠳ᠋ᠷᠴᠤᠳ ᠢ ᠬᠥᠲᠥᠯᠥᠨ | ᠵᠢᠯᠣᠭᠤᠳᠴᠤ ᠪᠠᠶᠢᠭᠠᠳ ᠠᠵᠤ ᠠᠬᠤᠶᠢᠯᠠᠯ ᠯᠤᠭ᠎ᠠ ᠶᠢᠨ ᠶᠠᠪᠤᠯᠴᠠᠭ᠎ᠠ ᠶᠢᠨ ᠳᠤᠮᠳᠠ ᠰᠠᠬᠢᠯᠭ᠎ᠠ ᠪᠠᠲᠤ ᠶᠢᠨ ᠤᠯᠠᠭᠠᠨ | ᠱᠤᠭᠤᠮ ᠢ ᠴᠢᠩᠭ᠎ᠠ ᠰᠠᠬᠢᠭᠤᠯᠪᠠ᠃ | ︽ᠳᠠᠭᠠᠭᠤᠯᠤᠨ ᠰᠤᠷᠤᠯᠴᠠᠵᠤ ᠬᠢᠨᠠᠨ ᠵᠢᠯᠣᠭᠤᠳᠬᠤ︾ ᠬᠤᠣᠰ ᠵᠠᠮ ᠤᠨ ᠵᠠᠭᠪᠤᠷ ᠨᠢ ᠵᠠᠯᠠᠭᠤ | ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠳᠠᠭᠠᠭᠠᠴᠢᠯᠠᠨ ᠬᠤᠯᠪᠣᠭᠠᠯᠠᠬᠤ | ᠨᠢᠭᠡᠴᠡ ᠳᠤ ᠬᠦᠷᠴᠦ ᠳᠠᠭᠠᠭᠤᠯᠤᠨ ᠰᠤᠷᠤᠯᠴᠠᠬᠤ ᠵᠢᠯᠣᠭᠤᠳᠣᠯᠭ᠎ᠠ ᠥᠷᠨᠢᠭᠦᠯᠵᠦ᠂ ᠵᠠᠯᠠᠭᠤ ᠺᠠᠳ᠋ᠷᠴᠤᠳ ᠢ | ᠬᠥᠲᠥᠯᠥᠨ ᠵᠢᠯᠣᠭᠤᠳᠴᠤ ᠪᠠᠶᠢᠭᠠᠳ ᠪᠢᠴᠢᠭ ᠮᠠᠲ᠋ᠧᠷᠢᠶᠠᠯ ᠢ ᠭᠦᠨᠵᠡᠭᠡᠢ ᠰᠤᠳᠤᠯᠤᠨ ᠤᠩᠰᠢᠭᠤᠯᠵᠤ᠂ ᠪᠣᠳᠠᠲᠠᠢ | ᠬᠡᠷᠡᠭ ᠤᠨ ᠵᠢᠱᠢᠶ᠎ᠡ ᠶᠢ ᠵᠠᠳᠠᠯᠪᠠ᠃ ᠤᠳᠤᠷᠢᠳᠤᠯᠭ᠎ᠠ ᠪᠦᠬᠦ ᠲᠠᠯ᠎ᠠ ᠶᠢᠨ ᠵᠠᠯᠠᠭᠤ ᠺᠠᠳ᠋ᠷᠴᠤᠳ ᠤᠨ ᠰᠤᠷᠤᠯᠴᠠᠭᠰᠠᠨ | ᠦᠷ᠎ᠡ ᠪᠦᠲᠦᠭᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠪᠡᠯᠡᠳᠬᠡᠯ ᠳᠠᠩᠰᠠ ᠡᠪᠬᠡᠮᠡᠯ ᠢ | ᠪᠠᠶᠢᠴᠠᠭᠠᠨ ᠦᠵᠡᠬᠦ᠂ ᠠᠬᠢᠴᠠ ᠶᠢᠨ ᠪᠠᠶᠢᠳᠠᠯ ᠢ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠯᠠᠭᠤ | ᠺᠠᠳ᠋ᠷᠴᠤᠳ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠡᠵᠡᠮᠰᠢᠭᠰᠡᠨ ᠬᠡᠮᠵᠢᠶ᠎ᠡ ᠪᠠ ᠠᠵᠢᠯ ᠤᠨ ᠳᠤᠮᠳᠠᠬᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠵᠡᠮᠳᠡᠵᠦ᠂ ᠴᠠᠭ ᠲᠤᠬᠠᠢ ᠳᠤᠨᠢ ᠵᠢᠭᠠᠨ ᠵᠢᠯᠣᠭᠤᠳᠴᠤ ᠬᠠᠪᠰᠤᠷᠴᠤ᠂ | ᠲᠡᠭᠦᠨ ᠢ ᠰᠢᠮᠳᠠᠭᠤᠯᠤᠨ ᠰᠠᠶᠢᠵᠢᠷᠠᠭᠤᠯᠤᠨ᠎ᠠ᠃ ᠵᠠᠯᠠᠭᠤ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠳᠤᠮᠳᠠ | ᠬᠡᠯᠪᠠᠶᠢᠬᠦ ᠦᠭᠡᠢ᠂ ᠬᠡᠢ ᠬᠤᠭᠤᠰᠣᠨ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠰᠤᠷᠲᠠᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ | ᠰᠢᠩᠭᠡᠭᠡᠵᠦ᠂ ᠲᠡᠳᠡᠨ ᠤ ᠢᠷᠡᠭᠡᠳᠦᠢ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠪᠠᠲᠤ ᠪᠠᠬᠢ ᠰᠤᠷᠲᠠᠯ ᠤᠨ | ᠰᠠᠭᠤᠷᠢ ᠶᠢ ᠲᠠᠯᠪᠢᠵᠤ ᠥᠭᠬᠦ ᠬᠡᠷᠡᠭᠲᠡᠢ᠃ ᠣᠳᠣ ᠪᠣᠯᠲᠠᠯ᠎ᠠ᠂ ᠪᠦᠬᠦ ᠲᠠᠯ᠎ᠠ ᠶᠢᠨ ᠠᠷᠪᠠᠨ ᠨᠠᠮ ᠤᠨ ᠡᠭᠦᠷ | ᠲᠥᠪᠯᠡᠷᠡᠭᠦᠯᠦᠨ ᠰᠤᠷᠤᠯᠴᠠᠬᠤ ᠬᠥᠮᠦᠵᠢᠯ ᠢ 20 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 179 ᠨᠠᠮ ᠤᠨ | ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ᠂ ᠵᠠᠯᠠᠭᠤ ᠺᠠᠳ᠋ᠷᠴᠤᠳ ᠲᠥᠪᠯᠡᠷᠡᠭᠦᠯᠦᠨ ᠥᠪᠡᠰᠦᠪᠡᠨ 2 ᠤᠳᠠᠭ᠎ᠠ | ᠰᠤᠷᠤᠯᠴᠠᠵᠤ᠂ ᠪᠦᠬᠦᠯᠢ 37 ᠨᠠᠰᠤᠨ ᠠᠴᠠ ᠳᠣᠷᠣᠭᠰᠢᠬᠢ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠤᠨ 166 | ᠬᠥᠮᠦᠨ ᠤᠳᠠᠭ᠎ᠠ ᠲᠥᠪᠯᠡᠷᠡᠭᠦᠯᠦᠨ ᠥᠪᠡᠰᠦᠪᠡᠨ ᠰᠤᠷᠤᠯᠴᠠᠭᠤᠯᠪᠠ᠃ | ︽ᠳᠠᠭᠠᠭᠤᠯᠤᠨ ᠰᠤᠷᠤᠯᠴᠠᠵᠤ ᠬᠢᠨᠠᠨ ᠵᠢᠯᠣᠭᠤᠳᠬᠤ︾ ᠬᠤᠣᠰ ᠱᠤᠭᠤᠮ ᠤᠨ ᠲᠣᠭᠲᠠᠴᠠ ᠶᠢ ᠭᠦᠨᠵᠡᠭᠡᠢ | ᠠᠬᠢᠭᠤᠯᠬᠤ ᠪᠠᠷ ᠳᠠᠮᠵᠢᠭᠤᠯᠵᠤ᠂ ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ | ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢ ᠢᠯᠡᠳᠲᠡ | ᠴᠢᠩᠭᠠᠳᠬᠠᠵᠤ᠂ ᠡᠩᠨᠡᠭᠡᠨ ᠤ ᠰᠤᠷᠲᠠᠯ ᠦᠷᠭᠦᠯᠵᠢᠯᠡᠨ ᠰᠠᠶᠢᠵᠢᠷᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠢ ᠪᠠᠲᠤᠯᠠᠵᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠣᠯᠠᠨ ᠳᠤ ᠦᠢᠯᠡᠴᠢᠯᠡᠬᠦ ᠳᠤ ᠪᠠᠲᠤ ᠴᠢᠩᠭ᠎ᠠ ᠰᠠᠬᠢᠯᠭ᠎ᠠ | ᠪᠠᠲᠤ ᠶᠢᠨ ᠪᠠᠲᠤᠯᠠᠭ᠎ᠠ ᠬᠠᠩᠭᠠᠪᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠨᠡ ᠬᠦ ᠠᠵᠢᠯ ᠤᠨ | ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ | |