ᠬᠤᠸᠠᠢ ᠱᠦᠸᠧ ᠪᠠᠯᠭᠠᠰᠤ ᠠᠮᠤᠷ ᠲᠦᠪᠰᠢᠨ ᠤ ᠪᠠᠶᠢᠭᠤᠯᠤᠯᠲᠠ ᠵᠢᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠳᠤᠯᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/9
      5 ᠰᠠᠷ᠎ᠠ ᠶᠢᠨ 6 ᠤ ᠡᠳᠦᠷ᠂ ᠬᠤᠸᠠᠢ ᠱᠦᠸᠧ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠭᠤᠤ ᠬᠠᠢ ᠶᠢᠩ ᠬᠤᠸᠠᠢ ᠱᠦᠸᠧ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠵᠢᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠳᠤᠯᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠳᠡᠭᠡᠳᠦ ᠱᠠᠲᠤᠨ ᠤ ᠬᠤᠯᠪᠣᠭᠳᠠᠯ ᠪᠦᠬᠦᠢ ᠠᠮᠤᠷ ᠲᠦᠪᠰᠢᠨ ᠤ ᠪᠠᠶᠢᠭᠤᠯᠤᠯᠲᠠ ᠵᠢᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠬᠤᠪᠢᠳᠠᠨ ᠬᠠᠮᠢᠶᠠᠷᠬᠤ ᠠᠮᠠᠰᠠᠷ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠨᠢᠭᠡᠳ ᠨᠢᠭᠡ ᠪᠠᠷ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠸᠠᠢ ᠱᠦᠸᠧ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠠᠮᠤᠷ ᠠᠮᠤᠭᠤᠯᠠᠩ ᠤᠨ ᠪᠠᠶᠢᠭᠤᠯᠤᠯᠲᠠ ᠵᠢᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ︽ᠰᠡᠵᠢᠭᠦᠷ ᠮᠡᠳᠡᠷᠡᠯ︾ ᠢ ᠨᠡᠪᠲᠡᠷᠡᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢᠨ ᠵᠢᠷᠤᠮᠵᠢᠯ ᠲᠠᠢ᠂ ᠠᠵᠢᠯᠯᠠᠭᠠᠨ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠵᠤ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ︽ᠬᠡᠲᠦᠷᠡᠬᠦ ᠳᠡᠭᠡᠨ ᠨᠢᠭᠡ ᠭᠠᠵᠠᠷ ᠭᠦᠶᠦᠯᠭᠡᠬᠦ︾ ᠶᠢ ᠦᠨᠡᠨᠬᠦ ᠪᠠᠲᠤᠯᠠᠵᠤ᠂ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠪᠦᠬᠦ ᠪᠠᠯᠭᠠᠰᠤᠨ ᠤ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠵᠢᠯ ᠤᠨ ᠲᠣᠭᠲᠠᠴᠠ ᠶᠢ ᠰᠢᠯᠤᠭᠤᠳᠬᠠᠬᠤ ᠬᠡᠷᠡᠭᠲᠡᠢ᠃ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠪᠠᠶᠢᠩᠭᠤ ᠰᠠᠭᠤᠬᠤ᠂ ᠡᠭᠡᠯᠵᠢᠯᠡᠨ ᠰᠠᠭᠤᠭ᠎ᠠ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠦᠨᠡᠨ ᠬᠦ ᠪᠦᠲᠦᠮᠵᠢᠲᠡᠢ᠂ ᠠᠷᠭ᠎ᠠ ᠬᠡᠮᠵᠢᠶ᠎ᠡ ᠪᠣᠳᠠᠲᠠᠢ ᠠᠵᠢᠯ ᠤᠨ ᠲᠥᠰᠦᠯ ᠢ ᠲᠣᠭᠲᠠᠭᠠᠵᠤ᠂ ᠶᠡᠷᠦᠩᠬᠡᠶᠢᠯᠡᠨ ᠵᠠᠰᠠᠬᠤ ᠲᠥᠪ ᠤᠨ ︽ᠬᠦᠯᠢᠶᠡᠨ ᠠᠪᠴᠤ ᠰᠢᠢᠳᠪᠦᠷᠢᠯᠡᠬᠦ - ᠰᠠᠯᠭᠠᠨ ᠰᠢᠢᠳᠪᠦᠷᠢᠯᠡᠬᠦ - ᠰᠢᠢᠳᠪᠦᠷᠢᠯᠡᠬᠦ - ᠬᠠᠷᠢᠭᠤ ᠰᠤᠷᠪᠤᠯᠵᠢᠯᠠᠬᠤ︾ ᠥᠨᠳᠥᠷ ᠪᠦᠲᠦᠮᠵᠢᠲᠡᠢ ᠪᠢᠲᠡᠭᠦᠮᠵᠢᠯᠡᠭᠰᠡᠨ ᠲᠣᠭᠲᠠᠴᠠ ᠶᠢ ᠪᠣᠢ ᠪᠣᠯᠭᠠᠵᠤ᠂ ᠶᠡᠷᠦᠩᠬᠡᠶᠢᠯᠡᠨ ᠵᠠᠰᠠᠬᠤ ᠲᠥᠪ ᠢ ᠦᠨᠡᠨ ᠬᠦ ᠠᠵᠢᠯᠯᠠᠭᠤᠯᠤᠨ᠎ᠠ᠃ ᠬᠤᠶᠠᠷ ᠲᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠲᠤ ᠲᠦᠰᠢᠭᠯᠡᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠶᠢᠷᠡᠭᠦᠯᠵᠦ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠬᠢᠨ ᠭᠤᠣᠯᠳᠠᠯᠭ᠎ᠠ ᠲᠠᠢ ᠬᠥᠮᠦᠰ ᠲᠤ ᠦᠢᠯᠡᠴᠢᠯᠡᠬᠦ ᠬᠠᠮᠢᠶᠠᠷᠤᠯᠲᠠ ᠶᠢ ᠦᠨᠡᠨ ᠬᠦ ᠰᠠᠶᠢᠲᠤᠷ ᠬᠢᠬᠦ ᠶᠢᠨ ᠬᠠᠮᠲᠤ ᠠᠵᠤ ᠠᠬᠤᠶᠢᠯᠠᠯ ᠤᠨ ᠦᠢᠯᠡᠳᠪᠦᠷᠢᠯᠡᠯ ᠢ ᠵᠢᠷᠤᠮᠵᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠠᠤᠯᠢ ᠴᠠᠭᠠᠵᠠ᠂ ᠦᠵᠡᠯ ᠤᠬᠠᠮᠰᠠᠷ ᠤᠨ ᠬᠡᠯᠪᠡᠷᠢ᠂ ᠵᠠᠬᠢᠳᠠᠯ ᠰᠤᠷᠪᠤᠯᠵᠢᠯᠠᠭ᠎ᠠ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠶᠤᠯ ᠲᠦᠭᠰᠢᠭᠦᠷᠢ ᠶᠢᠨ ᠤᠷᠢᠳᠠᠴᠢ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠵᠤ᠂ ᠳᠠᠯᠳᠠ ᠭᠡᠮ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠲᠠᠯᠠᠪᠤᠷ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠳᠤ ᠴᠢᠭᠯᠡᠭᠦᠯᠦᠨ᠂ ᠲᠥᠷᠥᠯ ᠬᠤᠪᠢᠶᠠᠨ ᠳᠡᠰ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠲᠤᠰᠬᠠᠢ ᠵᠦᠢᠯ ᠤᠨ ᠪᠡᠯᠡᠳᠬᠡᠯ ᠲᠥᠰᠦᠯ ᠢ ᠲᠣᠭᠲᠠᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ︔ ᠲᠣᠰᠬᠤᠨ ᠤ ︽ᠬᠤᠶᠠᠷ ᠵᠥᠪᠯᠡᠯ︾ ᠤᠨ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ︽ᠲᠡᠷᠡ ᠳᠠᠷᠤᠢ ᠳᠤᠨᠢ ᠮᠡᠳᠡᠭᠦᠯᠵᠦ᠂ ᠲᠡᠷᠡ ᠳᠠᠷᠤᠢ ᠳᠤᠨᠢ ᠰᠢᠢᠳᠪᠦᠷᠢᠯᠡᠬᠦ︾ ᠶᠢ ᠦᠨᠡᠨᠬᠦ ᠪᠠᠲᠤᠯᠠᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠪᠡᠯᠡᠳᠬᠡᠯ ᠲᠥᠰᠦᠯ ᠤᠨ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠵᠤ᠂ ᠺᠠᠳ᠋ᠷ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠣᠯᠠᠨ ᠲᠦᠮᠡᠨ ᠤ ᠥᠪᠡᠷᠲᠡᠭᠡᠨ ᠵᠠᠰᠠᠬᠤ ᠬᠦᠴᠦᠨ ᠢ ᠪᠠᠳᠠᠷᠠᠭᠤᠯᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ ᠣᠯᠠᠨ ᠲᠦᠮᠡᠨ ᠤ ᠬᠦᠴᠦᠨ ᠢ ᠭᠦᠢᠴᠡᠳ ᠪᠠᠳᠠᠷᠠᠭᠤᠯᠵᠤ᠂ ᠶᠣᠰᠣ ᠰᠤᠷᠲᠠᠬᠤᠨ ᠤ ᠬᠤᠪᠢ ᠬᠤᠷᠠᠮᠳᠤᠭᠤᠯᠬᠤ᠂ ᠣᠳᠣᠨ ᠳᠡᠰ ᠤᠨ ᠪᠣᠯᠪᠠᠰᠤᠨ ᠡᠷᠦᠬᠡ ᠶᠢ ᠲᠠᠨᠢᠵᠤ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠤᠷ ᠲᠦᠪᠰᠢᠨ ᠤ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ︾ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠤᠢ ᠪᠣᠯᠭᠠᠨ᠎ᠠ᠃ ᠲᠠᠪᠤ ᠳᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠬᠤᠣᠷ ᠴᠠᠭᠠᠵᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠵᠡᠷᠭᠡ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠲᠣᠰᠬᠤᠨ ᠡᠷᠦᠬᠡ ᠳᠤ ᠣᠷᠣᠬᠤ᠂ ᠲᠣᠰᠬᠤᠨ ᠤ ᠪᠠᠭ᠎ᠠ ᠳᠤᠭᠤᠶᠢᠯᠠᠩ ᠤᠨ ᠰᠦᠯᠵᠢᠶᠡᠨ ᠤ ᠰᠦᠷᠦᠭ ᠢᠶᠠᠷ ᠳᠠᠮᠵᠢᠭᠤᠯᠤᠨ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ ᠴᠢᠳᠠᠪᠤᠷᠢ ᠪᠠ ᠦᠢᠯᠡᠴᠢᠯᠡᠭᠡᠨ ᠤ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠠᠮᠤᠷ ᠲᠦᠪᠰᠢᠨ ᠤ ᠪᠠᠶᠢᠭᠤᠯᠤᠯᠲᠠ ᠶᠢᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ 
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号