ᠲᠤᠭ ᠱᠤᠭᠤᠮ ᠵᠠᠮᠴᠢᠯᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠭᠦᠶᠡᠩ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ
ᠨᠡᠶᠢᠲᠡᠯᠡᠭᠰᠡᠨ ᠴᠠᠭ᠄
2025/5/9
        ᠨᠠᠮ ᠤᠨ ᠬᠦᠴᠦᠨ ᠵᠣᠬᠢᠶᠠᠨ ᠪᠠᠶᠢᠭᠤᠯᠤᠯᠳᠠ ᠠᠴᠠ ᠢᠷᠡᠯᠲᠡ ᠲᠠᠢ᠃ 2024 ᠣᠨ ᠳᠤ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠭᠦᠢᠴᠡᠳ ᠳᠠᠶᠢᠴᠢᠯᠠᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠨᠢᠭᠲᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠥᠷᠥ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠪᠦᠬᠦ ᠬᠤᠲᠠ ᠶᠢᠨ ︽35N︾ ᠠᠵᠤ ᠦᠢᠯᠡᠰ ᠤᠨ ᠰᠢᠰᠲ᠋ᠧᠮ᠂ ︽ᠭᠤᠷᠪᠠᠨ ᠥᠨᠳᠦᠷᠯᠢᠭ︾ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠨ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号